3 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ | ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠲᠧᠯᠸᠢᠰ ᠤᠲᠠᠰᠤᠲᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ | ᠤᠨᠲᠠᠷᠠᠭᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ | ᠱᠠᠭᠠᠷᠳᠠᠯᠭ᠎ᠠ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ | ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠤᠨ ᠬᠠᠪᠤᠷ ᠠᠴᠠ ᠬᠤᠶᠢᠰᠢ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠭᠠᠯ ᠤᠨᠲᠠᠷᠠᠭᠠᠬᠤ | ᠪᠠᠶᠢᠳᠠᠯ ᠲᠡᠶᠢᠮᠦ ᠰᠠᠶᠢᠨ ᠪᠢᠰᠢ᠃ ᠡᠶᠢᠮᠦ ᠠᠴᠠ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠵᠣᠪᠠᠨᠢᠬᠤᠢ ᠦᠵᠡᠯ ᠤᠬᠠᠮᠰᠠᠷ ᠢᠶᠠᠨ ᠴᠢᠩᠭᠠᠷᠠᠭᠤᠯᠵᠤ᠂ | ᠭᠠᠯ ᠢ ᠰᠡᠷᠭᠡᠶᠢᠯᠡᠬᠦ ᠭᠠᠯ ᠤᠨᠲᠠᠷᠠᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠠᠶᠤᠯ ᠢ ᠤᠷᠢᠳᠴᠢᠯᠠᠨ ᠰᠡᠷᠡᠮᠵᠢᠯᠡᠭᠦᠯᠬᠦ ᠶᠢ | ᠴᠢᠩᠭᠠᠳᠬᠠᠵᠤ᠂ ᠴᠢᠩᠭ᠎ᠠ ᠬᠠᠮᠢᠶᠠᠷᠤᠨ ᠡᠵᠡᠮᠳᠡᠵᠦ᠂ ᠬᠢᠯᠢ ᠶᠢᠨ ᠭᠠᠳᠠᠨᠠᠬᠢ ᠪᠠ ᠠᠶᠤᠩᠭ᠎ᠠ ᠳᠤ ᠳᠠᠭᠠᠷᠢᠭᠳᠠᠭᠰᠠᠨ ᠭᠠᠯ ᠤᠨ ᠭᠠᠮᠰᠢᠭ ᠢ ᠰᠡᠷᠭᠡᠶᠢᠯᠡᠬᠦ ᠬᠡᠷᠡᠭᠲᠡᠢ᠃ ᠭᠠᠯ | ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠢᠵᠢᠭᠦᠷᠯᠡᠯ ᠲᠣᠬᠢᠷᠠᠭᠤᠯᠤᠯᠲᠠ ᠶᠢ | ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠡᠶᠢᠨ ᠤ ᠪᠡᠯᠡᠳᠬᠡᠯ ᠢ ᠴᠢᠩᠭᠠᠷᠠᠭᠤᠯᠤᠨ᠂ ᠭᠠᠯ ᠤᠨᠲᠠᠷᠠᠭᠠᠬᠤ ᠵᠢᠯᠣᠭᠤᠳᠤᠯᠭ᠎ᠠ ᠶᠢ ᠴᠢᠩᠭᠠᠳᠬᠠᠵᠤ᠂ ᠭᠠᠯ | ᠤᠨᠲᠠᠷᠠᠭᠠᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠵᠠᠷᠤᠳᠠᠯ ᠤᠨ ᠪᠠᠲᠤᠯᠠᠭ᠎ᠠ᠂ ᠡᠩᠨᠡᠭᠡᠨ ᠤ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠲᠠᠯ᠎ᠠ ᠪᠠᠷ ᠭᠠᠯ ᠢ ᠰᠡᠷᠭᠡᠶᠢᠯᠡᠨ ᠤᠨᠲᠠᠷᠠᠭᠠᠬᠤ ᠶᠡᠷᠦᠩᠬᠡᠶᠢᠯᠡᠭᠰᠡᠨ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ | ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠬᠤ ᠳᠤ ᠪᠠᠨ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠭᠠᠯ ᠢ ᠰᠡᠷᠭᠡᠶᠢᠯᠡᠬᠦ ᠭᠠᠯ ᠤᠨᠲᠠᠷᠠᠭᠠᠬᠤ | ᠤᠯᠤᠰ ᠲᠦᠷᠦ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ | ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠥᠨᠳᠡᠯᠡᠨ ᠢᠶᠠᠷ ᠵᠠᠬ᠎ᠠ ᠬᠢᠵᠠᠭᠠᠷ ᠬᠦᠷᠬᠦ᠂ ᠭᠤᠯᠳᠤ ᠪᠠᠷ ᠡᠴᠦᠰ ᠲᠤ ᠨᠢ ᠲᠤᠯᠲᠠᠯ᠎ᠠ | ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠡᠢ᠃ |