ᠰᠢ ᠶᠢᠨ ᠫᠢᠩ ᠳ᠋ᠦᠩ ᠹᠠᠩ ᠠᠭᠠᠷ ᠤᠨ ᠠᠶᠠᠯᠠᠯ ᠤᠨ ᠺᠤᠮᠫᠠᠨᠢ ᠶᠢᠨ ᠡᠭᠡᠯᠵᠢ ᠶᠢᠨ ᠨᠢᠰᠭᠡᠯ ᠤᠨᠠᠵᠦ ᠰᠦᠢᠷᠡᠭᠰᠡᠡ ᠭᠡᠷᠡᠭ ᠲᠤ ᠴᠢᠬᠤᠯᠠ ᠵᠢᠭᠠᠪᠤᠷᠢ ᠦᠭᠴᠤ ᠱᠠᠭᠠᠷᠲᠠᠬᠰᠠᠨ ᠨᠢ ᠪᠦᠬᠦ ᠬᠦᠴᠤᠨ ᠢᠶᠠᠷ ᠢᠶᠠᠨ ᠡᠷᠢᠨ ᠠᠪᠤᠷᠠᠬᠤ ᠠᠵᠢᠯ ᠢ ᠵᠤᠬᠢᠶᠠᠠ ᠪᠠᠶᠢᠭᠤᠯᠵᠦ ᠬᠤᠶᠢᠲᠤᠬᠢ ᠶᠠᠪᠤᠲᠠᠯ ᠢ ᠲᠤᠬᠢᠳᠠᠢ ᠰᠢᠢᠳᠪᠦᠷᠢᠯᠡᠵᠦ ᠠᠷᠠᠳ ᠤᠨ ᠠᠭᠠᠷ ᠤᠨ ᠠᠶᠠᠯᠠᠯ ᠤᠨ ᠠᠮᠤᠷ ᠲᠦᠪᠰᠢᠨ ᠤ ᠬᠡᠮ ᠰᠤᠭᠤᠭ ᠢ ᠵᠢᠭᠰᠠᠭᠠᠠ ᠪᠠᠶᠢᠴᠠᠭᠠᠬᠤ ᠶᠢ ᠴᠢᠩᠭᠠᠳᠬᠠᠵᠦ ᠠᠭᠠᠷ ᠤᠨ ᠠᠶᠠᠯᠠᠯ ᠤᠨ ᠠᠵᠢᠯᠯᠠᠭᠠᠠ ᠤ ᠬᠠᠷᠢᠴᠠᠯᠠᠰᠢ ᠦᠭᠡᠢ ᠠᠮᠤᠷ ᠲᠦᠪᠰᠢᠨ ᠢ ᠪᠠᠲᠤᠯᠠᠬᠤ ᠭᠡᠷᠡᠭᠲᠡᠢ
ᠨᠡᠶᠢᠲᠡᠯᠡᠭᠰᠡᠨ ᠴᠠᠭ᠄
2022/3/23

      ᠯᠢ ᠺᠧ ᠴᠢᠶᠠᠩ ᠴᠤᠬᠤᠯᠠᠪᠤᠷᠢ ᠦᠭᠴᠠᠢ

      ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 21 ᠤ ᠴᠠᠬᠢᠯᠭᠠᠨ ᠮᠡᠳᠡᠭᠡ  3 ᠰᠠᠷ᠎ᠠ ᠶᠢᠨ 21 ᠤ ᠡᠳᠦᠷ ᠤᠨ 14 ᠴᠠᠭ 38 ᠮᠢᠨᠦ᠋ᠲ ᠤᠨ ᠦᠶ᠎ᠡ ᠪᠠᠷ᠂ ᠳ᠋ᠦᠩ ᠹᠠᠩ ᠠᠭᠠᠷ ᠤᠨ ᠠᠶᠠᠯᠠᠯ ᠤᠨ ᠺᠣᠮᠫᠠᠨᠢ ᠶᠢᠨ MU5735 ᠡᠭᠡᠯᠵᠢ ᠶᠢᠨ ᠨᠢᠰᠭᠡᠯ ᠺᠦᠨᠮᠢᠩ — ᠭᠤᠸᠠᠩᠵᠧᠦ ᠬᠦᠷᠬᠦ ᠡᠭᠦᠷᠭᠡ ᠶᠢ ᠭᠦᠢᠴᠡᠳᠭᠡᠬᠦ ᠦᠶ᠎ᠡ ᠳᠡᠭᠡᠨ ᠭᠤᠸᠠᠩᠰᠢ ᠶᠢᠨ ᠦᠵᠸᠤ ᠬᠤᠳᠠ ᠶᠢᠨ ᠤᠬᠳᠠᠷᠭᠤᠢ ᠳᠤ ᠬᠤᠯᠪᠣᠭ᠎ᠠ ᠲᠠᠰᠤᠷᠠᠨ ᠤᠨᠠᠵᠤ ᠰᠦᠢᠷᠡᠪᠡ᠃ ᠨᠢᠰᠭᠡᠯ ᠳᠡᠭᠡᠷ᠎ᠡ 123 ᠠᠶᠠᠨᠴᠢᠨ᠂ 9 ᠨᠢᠰᠭᠡᠯ ᠤᠨ ᠠᠵᠢᠯᠲᠠᠨ ᠪᠠᠶᠢᠪᠠ᠃

      ᠠᠳᠡᠯ ᠡᠭᠦᠰᠦᠭᠰᠡᠨ ᠤ ᠳᠠᠷᠠᠭ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠲᠡᠷᠡ ᠳᠠᠷᠤᠢ ᠳᠤᠨᠢ ᠴᠢᠬᠤᠯᠠ ᠵᠢᠭᠠᠪᠤᠷᠢ ᠥᠭᠴᠦ᠂ ᠳ᠋ᠦᠩ ᠹᠠᠩ ᠠᠭᠠᠷ ᠤᠨ ᠠᠶᠠᠯᠠᠯ ᠤᠨ ᠺᠤᠮᠫᠠᠨᠢ ᠶᠢᠨ MU5735 ᠡᠭᠡᠯᠵᠢ ᠶᠢᠨ ᠨᠢᠰᠭᠡᠯ ᠠᠳᠡᠭᠰᠡᠨ ᠢ ᠰᠣᠴᠢᠰᠭᠢᠨ ᠰᠣᠨᠣᠰᠤᠯ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠳᠠᠷᠤᠢ ᠲᠦᠷᠭᠡᠨ ᠡᠬᠢᠯᠡᠭᠦᠯᠵᠦ᠂ ᠡᠷᠢᠵᠦ ᠠᠪᠤᠷᠠᠬᠤ ᠠᠵᠢᠯ ᠢ ᠪᠦᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ᠂ ᠬᠤᠶᠢᠲᠤᠬᠢ ᠶᠠᠪᠤᠳᠠᠯ ᠢ ᠲᠤᠬᠢᠳᠠᠢ ᠰᠢᠢᠳᠪᠦᠷᠢᠯᠡᠬᠦ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠳᠤᠷᠢᠳᠬᠤ ᠨᠥᠬᠦᠳ ᠲᠣᠮᠢᠯᠠᠨ ᠵᠣᠬᠢᠴᠠᠭᠤᠯᠤᠨ ᠰᠢᠶᠳᠪᠦᠷᠢᠯᠡᠵᠦ᠂ ᠠᠳᠡᠯ ᠭᠠᠷᠤᠭᠰᠠᠠ ᠰᠢᠯᠲᠠᠭᠠᠨ ᠢ ᠲᠦᠷᠬᠡᠨ ᠪᠠᠶᠢᠴᠠᠭᠠᠨ ᠳᠣᠲᠣᠯᠠᠵᠤ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠠᠷᠠᠳ ᠤᠨ ᠠᠭᠠᠷ ᠤᠨ ᠠᠶᠠᠯᠠᠯ ᠤᠨ ᠬᠦᠷᠢᠶᠡᠨ ᠳᠠᠬᠢ ᠠᠮᠤᠷ ᠲᠦᠪᠰᠢᠨ ᠤ ᠬᠡᠮ ᠰᠤᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠭᠠᠷ ᠤᠨ ᠠᠶᠠᠯᠠᠯ ᠤᠨ ᠠᠵᠢᠯᠯᠠᠭᠠᠨ ᠤ ᠬᠠᠷᠢᠴᠠᠯᠠᠰᠢ ᠥᠬᠡᠶ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠲᠦᠮᠡᠨ ᠤ ᠠᠮᠢ ᠨᠠᠰᠤᠨ ᠤ ᠬᠠᠷᠢᠴᠠᠯᠠᠰᠢ ᠥᠬᠡᠶ ᠠᠮᠤᠷ ᠲᠦᠪᠰᠢᠨ ᠢ ᠦᠨᠡᠨ ᠬᠦ ᠪᠠᠲᠤᠯᠠᠬᠤ ᠭᠡᠷᠡᠭᠲᠡᠢ ᠭᠡᠵᠠᠢ᠃

      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠴᠣᠬᠤᠯᠠᠪᠤᠷᠢ ᠥᠭᠴᠦ᠂ ᠵᠣᠯ ᠢᠶᠠᠷ ᠠᠮᠢᠳᠤ ᠦᠯᠡᠳᠡᠭᠰᠡᠳ ᠢ ᠪᠦᠬᠦ ᠬᠦᠴᠦᠨ ᠢᠶᠠᠷ ᠢᠶᠠᠨ ᠡᠷᠢᠵᠦ᠂ ᠰᠢᠷᠬᠠᠲᠤᠭᠰᠠᠳ ᠢ ᠴᠢᠳᠠᠬᠤ ᠶᠢᠨ ᠬᠢᠷᠢ ᠪᠠᠷ ᠠᠪᠤᠷᠠᠨ ᠡᠮᠨᠡᠵᠦ᠂ ᠬᠤᠶᠢᠲᠤᠬᠢ ᠶᠠᠪᠤᠳᠠᠯ ᠢ ᠲᠤᠬᠢᠳᠠᠢ ᠰᠢᠢᠳᠪᠦᠷᠢᠯᠡᠵᠦ᠂ ᠠᠳᠡᠭᠰᠡᠳ ᠤᠨ ᠭᠡᠷ ᠪᠦᠯᠢ ᠶᠢᠨ ᠬᠢᠨ ᠳᠤ ᠲᠣᠬᠤᠨᠢᠭᠤᠯᠬᠤ ᠪᠠ ᠦᠢᠯᠡᠴᠢᠯᠡᠭᠡ ᠬᠠᠩᠭᠠᠬᠤ ᠠᠵᠢᠯ ᠢ ᠰᠠᠶᠢᠲᠤᠷ ᠬᠢᠵᠦ᠂ ᠦᠨᠡᠨ ᠠᠴᠠ ᠵᠥᠪ ᠢ ᠡᠷᠢᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠣᠨᠣᠪᠴᠢᠲᠠᠢ ᠨᠡᠶᠢᠲᠡᠯᠡᠵᠦ᠂ ᠠᠳᠡᠯ ᠤᠨ ᠰᠢᠯᠲᠠᠭᠠᠨ ᠢ ᠨᠠᠷᠢᠨ ᠬᠢᠨᠠᠮᠠᠭᠠᠢ ᠲᠥᠪ ᠴᠢᠩᠭ᠎ᠠ ᠪᠠᠷ ᠪᠠᠶᠢᠴᠠᠭᠠᠨ ᠲᠤᠳᠤᠯᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠷᠠᠳ ᠤᠨ ᠠᠭᠠᠷ ᠤᠨ ᠠᠶᠠᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠤ ᠱᠠᠭᠠᠷᠳᠠᠪᠠ᠃

      ᠰᠢ ᠶᠢᠨ ᠫᠢᠩ ᠤᠨ ᠵᠢᠭᠠᠪᠤᠷᠢ ᠪᠣᠯᠤᠨ ᠯᠢ ᠺᠧ ᠴᠢᠶᠠᠩ ᠤᠨ ᠱᠠᠭᠠᠷᠳᠠᠯᠭ᠎ᠠ ᠶᠤᠰᠤᠭᠠᠷ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠨᠲᠡ ᠠᠵᠢᠯᠯᠠᠬᠤ ᠳᠤᠭᠤᠶᠢᠯᠠᠩ ᠲᠣᠮᠢᠯᠠᠨ ᠲᠤᠬᠠᠢ ᠶᠢᠨ ᠲᠠᠯᠠᠪᠠᠢ ᠳᠤ ᠬᠦᠷᠴᠦ ᠵᠢᠭᠠᠨ ᠵᠢᠯᠣᠭᠤᠳᠴᠤ ᠰᠢᠢᠳᠪᠦᠷᠢᠯᠡᠵᠤ ᠪᠠᠶᠢᠬᠤ ᠪᠥᠭᠡᠳ ᠭᠤᠸᠠᠩᠰᠢ᠂ ᠭᠤᠸᠠᠩᠳᠦ᠋ᠩ ᠬᠤᠶᠠᠷ ᠭᠠᠵᠠᠷ ᠤᠨ ᠠᠪᠤᠷᠠᠨ ᠲᠤᠰᠠᠯᠠᠬᠤ ᠬᠦᠴᠦᠨ ᠢ ᠲᠤᠬᠠᠢ ᠶᠢᠨ ᠲᠠᠯᠠᠪᠠᠢ ᠳᠤ ᠲᠤᠮᠢᠯᠠᠠ ᠣᠴᠢᠭᠤᠯᠵᠤ ᠠᠪᠤᠷᠠᠨ ᠲᠤᠰᠠᠯᠠᠬᠤ ᠳᠤ ᠣᠷᠣᠯᠴᠠᠭᠤᠯᠪᠠ᠃ ᠣᠳᠣᠬᠠᠨ ᠳᠤ ᠲᠤᠬᠠᠶ ᠶᠢᠨ ᠲᠠᠯᠠᠪᠠᠶ ᠶᠢᠨ ᠠᠪᠤᠷᠠᠨ ᠲᠤᠰᠠᠯᠠᠬᠤ᠂ ᠬᠤᠶᠢᠲᠤᠬᠢ ᠶᠠᠪᠤᠳᠠᠯ ᠢ ᠰᠢᠶᠳᠪᠦᠷᠢᠯᠡᠬᠦ ᠵᠢᠴᠢ ᠠᠳᠡᠯ ᠤᠨ ᠰᠢᠯᠲᠠᠭᠠᠨ ᠢ ᠪᠠᠶᠢᠴᠠᠭᠠᠬᠤ ᠵᠡᠷᠭᠡ ᠠᠵᠢᠯ ᠶᠠᠭ ᠶᠠᠪᠤᠭᠳᠠᠵᠤ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ