ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/3/25

     ᠦᠪᠣᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
     ᠦᠪᠦᠷ ᠵᠠᠰᠠᠭ ᠠᠯᠪᠠᠨ ᠲᠠᠷᠬᠠᠭᠠᠭᠰᠠᠨ ﹇2022﹈ 6 ᠳ᠋ᠤᠭᠠᠷ ᠲᠣᠭᠠᠲᠤ
     ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
     ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠠᠷᠭ᠎ᠠ︾᠎ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃
     2022 ᠣᠨ ᠤ 1 ᠳ᠋ᠦ᠋ᠭᠡᠷ ᠰᠠᠷ᠎ᠠ ᠶᠢᠨ 17᠎ ᠤ ᠡᠳᠦᠷ
     ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠠᠷᠭ᠎ᠠ
     ᠨᠢᠭᠡᠳᠦᠭᠡᠷ ᠵᠦᠢᠯ  ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠴᠢᠩᠭ᠎ᠠ ᠪᠣᠳᠠᠲᠠᠶᠢᠵᠢᠭᠤᠯᠤᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠲᠦᠷᠢᠮ︾ ︽ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠬᠤ ᠶᠢ ᠲᠦᠷᠭᠡᠳᠬᠡᠨ ᠠᠬᠢᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠵᠢᠯᠣᠭᠤᠳᠬᠤ ᠰᠠᠨᠠᠯ︾ ︵ᠤᠰᠤ ᠬᠠᠮᠠᠭᠠᠯᠠᠯᠲᠠ ﹇2017﹈ 108 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃
     ᠬᠤᠶᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ ᠬᠢᠨᠠᠨ᠎ᠠ᠃
     ᠭᠤᠷᠪᠠᠳᠤᠭᠠᠷ ᠵᠦᠢᠯ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠭᠤᠤᠯ ᠴᠣᠭᠴᠠ ᠪᠠᠢᠵᠤ᠂ ᠲᠣᠰ ᠵᠠᠰᠠᠭ ᠵᠠᠬᠢᠷᠭᠠᠨ ᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠠᠵᠢᠯ ᠢ ᠨᠠᠶᠢᠳᠠᠪᠤᠷᠢᠵᠢᠭᠤᠯᠬᠤ ᠳᠤ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠬᠦ ᠪᠣᠯᠣᠨ᠎ᠠ᠃
     ᠳᠥᠷᠪᠡᠳᠦᠭᠡᠷ ᠵᠦᠢᠯ  ᠰᠢᠯᠭᠠᠨ ᠬᠢᠨᠠᠬᠤ ᠳᠤ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠭᠤᠤᠯᠳᠠᠯᠭ᠎ᠠ ᠪᠠᠨ ᠳᠣᠪᠤᠶᠢᠯᠭᠠᠬᠤ᠂ ᠪᠤᠰᠤᠳᠴᠢ ᠪᠥᠭᠡᠳ ᠲᠥᠪ ᠭᠤᠤᠯᠴᠢ᠂ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠬᠤ᠂ ᠪᠣᠳᠠᠲᠤ ᠦᠷ᠎ᠡ ᠪᠦᠲᠦᠮᠵᠢ ᠶᠢ ᠨᠢ ᠴᠢᠬᠤᠯᠠᠴᠢᠯᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃
     ᠲᠠᠪᠤᠳᠤᠭᠠᠷ ᠵᠦᠢᠯ  ᠰᠢᠯᠭᠠᠨ ᠬᠢᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠢᠶᠠᠷ ᠲᠦᠷᠦᠭᠦᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠵᠤ ᠰᠢᠯᠭᠠᠨ ᠬᠢᠨᠠᠬᠤ ᠠᠵᠢᠯ ᠤᠨ ᠳᠤᠭᠤᠶᠢᠯᠠᠩ ᠪᠦᠷᠢᠯᠳᠦᠭᠦᠯᠵᠦ᠂ ᠪᠣᠳᠠᠲᠠᠶ ᠵᠣᠬᠢᠶᠠᠨ ᠪᠠᠢᠭᠤᠯᠵᠤ ᠬᠡᠷᠡᠭᠵᠢᠭᠦᠯᠬᠦ ᠶᠢ ᠬᠠᠷᠢᠭᠤᠴᠠᠬᠤ ᠬᠡᠷᠡᠭᠲᠡᠢ᠃
     ᠵᠢᠷᠭᠤᠳᠤᠭᠠᠷ ᠵᠦᠢᠯ  ᠰᠢᠯᠭᠠᠨ ᠬᠢᠨᠠᠬᠤ ᠠᠭᠤᠯᠭ᠎ᠠ ᠳᠤ ᠵᠣᠬᠢᠶᠠᠨ ᠪᠠᠢᠭᠤᠯᠵᠤ ᠤᠳᠤᠷᠢᠳᠬᠤ᠂ ᠶᠡᠷᠦᠩᠬᠡᠶ ᠬᠠᠷᠠᠯᠲᠠ ᠡᠭᠦᠷᠭᠡ᠂ ᠶᠡᠷᠦᠩᠬᠡᠶᠢᠯᠡᠨ ᠵᠠᠰᠠᠬᠤ᠂ ᠰᠡᠷᠭᠡᠶᠢᠯᠡᠵᠦ ᠬᠢᠨᠠᠨ ᠬᠠᠮᠢᠶᠠᠷᠬᠤ᠂ ᠬᠢᠨᠠᠨ ᠰᠢᠨᠵᠢᠬᠦ ᠪᠠ ᠮᠡᠳᠡᠭᠡ ᠵᠠᠩᠭᠢᠴᠢᠯᠠᠬᠤ ᠵᠡᠷᠭᠡ 5 ᠲᠠᠯ᠎ᠠ ︵ᠪᠣᠳᠠᠲᠠᠶ ᠰᠢᠯᠭᠠᠨ ᠬᠢᠨᠠᠬᠤ ᠠᠭᠤᠯᠭ᠎ᠠ ᠬᠢᠭᠡᠳ ᠬᠤᠪᠢ ᠲᠣᠭᠲᠠᠭᠠᠬᠤ ᠪᠠᠷᠢᠮᠵᠢᠶ᠎ᠠ ᠶᠢ ᠳᠠᠭᠠᠯᠳᠤᠭᠤᠯᠤᠯ ᠳᠤ ᠦᠵᠡ︶᠎ ᠶᠢ ᠪᠠᠭᠲᠠᠭᠠᠨ᠎ᠠ᠃ ᠵᠣᠬᠢᠶᠠᠨ ᠪᠠᠢᠭᠤᠯᠵᠤ ᠤᠳᠤᠷᠢᠳᠬᠤ ᠲᠠᠯ᠎ᠠ ᠪᠠᠷ ᠭᠤᠤᠯᠳᠠᠭᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ᠂ ᠠᠵᠢᠯ ᠤᠨ ᠲᠣᠭᠲᠠᠴᠠ ᠪᠠᠶᠢᠭᠤᠯᠤᠭᠰᠠᠨ᠂ ᠣᠷᠣᠭᠤᠯᠤᠯᠲᠠ ᠶᠢ ᠪᠠᠲᠤᠯᠠᠭᠰᠠᠨ᠂ ᠤᠬᠠᠭᠤᠯᠤᠨ ᠵᠢᠱᠢᠶ᠎ᠡ ᠦᠵᠡᠭᠦᠯᠦᠭᠰᠡᠨ ᠵᠡᠷᠭᠡ ᠪᠠᠶᠢᠳᠠᠯ ᠢ ᠨᠢ ᠰᠢᠯᠭᠠᠨ ᠬᠢᠨᠠᠬᠤ ᠬᠡᠷᠡᠭᠲᠡᠢ᠃ ᠶᠡᠷᠦᠩᠬᠡᠶ ᠬᠠᠷᠠᠯᠲᠠ ᠡᠭᠦᠷᠭᠡ ᠶᠢᠨ ᠲᠠᠯ᠎ᠠ ᠪᠠᠷ ᠭᠤᠣᠯᠳᠠᠭᠤ ᠬᠥᠷᠥᠰᠥ ᠰᠢᠷᠣᠶ ᠶᠢ ᠬᠠᠮᠠᠭᠠᠯᠠᠬᠤ ᠨᠣᠷᠮ᠎ᠠ ᠶᠢᠨ ᠬᠤᠪᠢᠷᠠᠭᠰᠠᠨ ᠪᠠᠶᠢᠳᠠᠯ ᠢ ᠨᠢ ᠰᠢᠯᠭᠠᠨ ᠬᠢᠨᠠᠬᠤ ᠬᠡᠷᠡᠭᠲᠡᠢ᠃ ᠶᠡᠷᠦᠩᠬᠡᠶᠢᠯᠡᠨ ᠵᠠᠰᠠᠬᠤ ᠲᠠᠯ᠎ᠠ ᠪᠠᠷ ᠭᠤᠣᠯᠳᠠᠭᠤ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠬᠠᠷᠠᠯᠲᠠ ᠶᠢᠨ ᠪᠡᠶᠡᠯᠡᠭᠦᠯᠦᠭᠰᠡᠨ ᠪᠠᠶᠢᠳᠠᠯ᠂ ᠬᠥᠷᠥᠰᠥ ᠰᠢᠷᠣᠶ ᠶᠢ ᠬᠠᠮᠠᠭᠠᠯᠠᠬᠤ ᠭᠤᠣᠯᠳᠠᠯᠭ᠎ᠠ ᠪᠣᠯᠬᠤ ᠪᠠᠷᠢᠯᠭ᠎ᠠ ᠶᠢᠨ ᠬᠡᠷᠡᠭᠵᠢᠭᠦᠯᠦᠭᠰᠡᠨ ᠪᠠᠶᠢᠳᠠᠯ ᠪᠠ ᠶᠠᠰᠤ ᠴᠢᠨᠠᠷ ᠦᠷ᠎ᠡ ᠠᠰᠢᠭ ᠤᠨ ᠪᠠᠶᠢᠳᠠᠯ ᠢ ᠨᠢ ᠰᠢᠯᠭᠠᠨ ᠬᠢᠨᠠᠬᠤ ᠬᠡᠷᠡᠭᠲᠡᠢ᠃ ᠰᠡᠷᠭᠡᠶᠢᠯᠡᠵᠦ ᠬᠢᠨᠠᠨ ᠬᠠᠮᠢᠶᠠᠷᠬᠤ ᠲᠠᠯ᠎ᠠ ᠪᠠᠷ ᠭᠤᠤᠯᠳᠠᠭᠤ ᠦᠢᠯᠡᠳᠪᠦᠷᠢᠯᠡᠯ ᠪᠠ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠳᠤ ᠬᠢᠨᠠᠯᠲᠠ ᠬᠠᠮᠢᠶᠠᠷᠤᠯᠲᠠ ᠬᠢᠭᠰᠡᠨ ᠪᠠᠶᠢᠳᠠᠯ ᠢ ᠨᠢ ᠰᠢᠯᠭᠠᠨ ᠬᠢᠨᠠᠬᠤ ᠬᠡᠷᠡᠭᠲᠡᠢ᠃ ᠬᠢᠨᠠᠨ ᠰᠢᠨᠵᠢᠬᠦ ᠪᠠ ᠮᠡᠳᠡᠭᠡ ᠵᠠᠩᠭᠢᠴᠢᠯᠠᠬᠤ ᠲᠠᠯ᠎ᠠ ᠪᠠᠷ ᠭᠤᠤᠯᠳᠠᠭᠤ ᠬᠥᠷᠥᠰᠥ ᠰᠢᠷᠣᠶ ᠶᠢ ᠬᠠᠮᠠᠭᠠᠯᠠᠬᠤ ᠳᠤ ᠬᠢᠨᠠᠨ ᠰᠢᠨᠵᠢᠭᠰᠡᠨ ᠪᠠ ᠮᠡᠳᠡᠭᠡ ᠵᠠᠩᠭᠢᠴᠢᠯᠠᠭᠰᠠᠨ ᠬᠡᠷᠡᠭᠯᠡᠭᠡᠨ ᠤ ᠪᠠᠶᠢᠳᠠᠯ ᠢ ᠨᠢ ᠰᠢᠯᠭᠠᠨ ᠬᠢᠨᠠᠬᠤ ᠬᠡᠷᠡᠭᠲᠡᠢ᠃
     ᠳᠣᠯᠣᠳᠤᠭᠠᠷ ᠵᠦᠢᠯ  ᠰᠢᠯᠭᠠᠨ ᠬᠢᠨᠠᠬᠤ ᠳᠤ ᠬᠤᠪᠢ ᠲᠣᠭᠲᠠᠭᠠᠬᠤ ᠳᠦᠷᠢᠮ ᠢ ᠬᠡᠷᠡᠭᠯᠡᠵᠦ᠂ 100 ᠬᠤᠪᠢ ᠪᠣᠯᠪᠠᠰᠤ ᠪᠦᠷᠢᠨ ᠬᠤᠪᠢ ᠪᠣᠯᠤᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢᠶᠠᠷ ᠨᠢ ᠲᠤᠰ ᠲᠤᠰ ᠰᠢᠯᠢᠳᠡᠭ ︵90 ᠬᠤᠪᠢ ᠵᠢᠴᠢ ᠲᠡᠭᠦᠨ ᠠᠴᠠ ᠳᠡᠭᠡᠭᠰᠢ︶᠂ ᠰᠠᠶᠢᠨ ︵80-90 ᠬᠤᠪᠢ᠂ 90 ᠬᠤᠪᠢ ᠪᠠᠭᠲᠠᠬᠤ ᠦᠭᠡᠶ︶᠂ ᠬᠢᠷᠢ ᠲᠡᠩᠴᠡᠭᠰᠡᠨ ︵60-80 ᠬᠤᠪᠢ᠂ 80 ᠬᠤᠪᠢ ᠪᠠᠭᠲᠠᠬᠤ ᠦᠭᠡᠶ︶᠂ ᠬᠢᠷᠢ ᠲᠡᠩᠴᠡᠭᠰᠡᠨ ᠦᠭᠡᠶ ︵60 ᠬᠤᠪᠢ ᠠᠴᠠ ᠳᠣᠷᠣᠭᠰᠢ᠂ 60 ᠬᠤᠪᠢ ᠪᠠᠭᠲᠠᠬᠤ ᠦᠭᠡᠶ︶ ᠭᠡᠵᠦ 4 ᠳ᠋ᠡᠰ ᠬᠤᠪᠢᠶᠠᠨ᠎ᠠ᠃
     ᠨᠠᠢᠮᠠᠳᠤᠭᠠᠷ ᠵᠦᠢᠯ  ᠰᠢᠯᠭᠠᠨ ᠬᠢᠨᠠᠬᠤ ᠳᠤ ᠣᠨ ᠤ ᠰᠢᠯᠭᠠᠨ ᠬᠢᠨᠠᠬᠤ ᠳᠦᠷᠢᠮ ᠢ ᠬᠡᠷᠡᠭᠵᠢᠭᠦᠯᠬᠦ ᠬᠡᠷᠡᠭᠲᠡᠢ᠃ ᠰᠢᠯᠭᠠᠨ ᠬᠢᠨᠠᠬᠤ ᠲᠠᠰ ᠳᠠᠷᠠᠭᠠᠯᠠᠯ ᠳᠤ ᠣᠨ ᠤ ᠰᠢᠯᠭᠠᠨ ᠬᠢᠨᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠬᠤ᠂ ᠠᠶᠢᠮᠠᠭ ᠬᠤᠲᠠ ᠥᠪᠡᠷ ᠢ ᠪᠠᠨ ᠦᠨᠡᠯᠡᠬᠦ᠂ ᠥᠪᠡᠷᠲᠡᠭᠡᠨ ᠵᠠᠰᠠᠬᠤ ᠣᠷᠣᠨ ᠠᠴᠠ ᠰᠢᠯᠭᠠᠨ ᠦᠨᠡᠯᠡᠬᠦ᠂ ᠰᠢᠯᠭᠠᠨ ᠬᠢᠨᠠᠭᠰᠠᠨ ᠦᠷ᠎ᠡ ᠳ᠋ᠦᠩ ᠢ ᠨᠢ ᠬᠠᠷᠢᠭᠤ ᠲᠤᠰᠬᠠᠬᠤ ᠵᠡᠷᠭᠡ ᠪᠠᠭᠲᠠᠨ᠎ᠠ᠃
     ᠣᠨ ᠤ ᠰᠢᠯᠭᠠᠨ ᠬᠢᠨᠠᠬᠤ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ ᠠᠵᠢᠯ ᠤᠨ ᠳᠤᠭᠤᠶᠢᠯᠠᠩ ᠤᠨ ᠪᠦᠷᠢᠯᠳᠦᠬᠦᠨ ᠨᠢᠭᠡᠴᠢ ᠯᠦᠭᠡ ᠵᠥᠪᠳᠡᠯᠴᠡᠵᠦ᠂ ᠵᠢᠯ ᠪᠦᠷᠢ ᠶᠢᠨ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠨ ᠤ ᠰᠢᠯᠭᠠᠨ ᠬᠢᠨᠠᠬᠤ ᠶᠢᠨ ᠬᠡᠷᠡᠭᠵᠢᠭᠦᠯᠬᠦ ᠲᠥᠰᠦᠯ ᠢᠶᠠᠨ ᠲᠣᠭᠲᠠᠭᠠᠵᠤ ᠳᠠᠷᠤᠮᠠᠯᠯᠠᠨ ᠲᠠᠷᠬᠠᠭᠠᠵᠤ᠂ ᠰᠢᠯᠭᠠᠨ ᠬᠢᠨᠠᠬᠤ ᠠᠵᠢᠯ ᠤᠨ ᠪᠣᠳᠠᠲᠠᠶ ᠱᠠᠭᠠᠷᠳᠠᠯᠭ᠎ᠠ ᠪᠠᠨ ᠲᠣᠳᠣᠷᠬᠠᠢ ᠲᠣᠭᠲᠠᠭᠠᠬᠤ ᠬᠡᠷᠡᠭᠲᠡᠢ᠃
     ᠠᠶᠢᠮᠠᠭ ᠬᠤᠲᠠ ᠥᠪᠡᠷ ᠢ ᠪᠠᠨ ᠦᠨᠡᠯᠡᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠠᠷᠭ᠎ᠠ ᠪᠠ ᠣᠨ ᠤ ᠬᠢᠨᠠᠨ ᠰᠢᠯᠭᠠᠬᠤ ᠶᠢᠨ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠦᠬᠦ ᠲᠠᠯ᠎ᠠ ᠶᠢᠨ ᠳ᠋ᠦᠩᠨᠡᠯᠲᠡ ᠬᠢᠬᠦ ᠪᠠ ᠥᠪᠡᠷ ᠢ ᠪᠠᠨ ᠦᠨᠡᠯᠡᠨ᠂ ᠥᠪᠡᠷ ᠢ ᠪᠠᠨ ᠦᠨᠡᠯᠡᠭᠰᠡᠨ ᠮᠡᠳᠡᠭᠦᠯᠦᠯᠲᠡ ᠪᠢᠴᠢᠵᠦ᠂ ᠳᠠᠷᠠᠭ᠎ᠠ ᠵᠢᠯ ᠤᠨ 1 ᠳ᠋ᠦ᠋ᠭᠡᠷ ᠰᠠᠷ᠎ᠠ ᠶᠢᠨ 10᠎ ᠤ ᠡᠳᠦᠷ ᠠᠴᠠ ᠡᠮᠦᠨ᠎ᠡ ᠥᠪᠡᠷ ᠢ ᠪᠠᠨ ᠦᠨᠡᠯᠡᠭᠰᠡᠨ ᠮᠡᠳᠡᠭᠦᠯᠦᠯᠲᠡ ᠵᠢᠴᠢ ᠬᠠᠮᠢᠶ᠎ᠠ ᠪᠦᠬᠦᠢ ᠲᠤᠯᠭᠠᠭᠤᠷᠢᠯᠠᠬᠤ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠳᠤ ᠮᠡᠳᠡᠭᠦᠯᠦᠨ ᠬᠦᠷᠭᠡᠬᠦ ᠬᠡᠷᠡᠭᠲᠡᠶ᠃
     ᠥᠪᠡᠷᠲᠡᠭᠡᠨ ᠵᠠᠰᠠᠬᠤ ᠣᠷᠣᠨ ᠠᠴᠠ ᠰᠢᠯᠭᠠᠨ ᠦᠨᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠢᠯᠭᠠᠨ ᠬᠢᠨᠠᠬᠤ ᠠᠵᠢᠯ ᠤᠨ ᠳᠤᠭᠤᠶᠢᠯᠠᠩ ᠨᠢ ᠲᠣᠰ ᠠᠷᠭ᠎ᠠ ᠪᠠ ᠣᠨ ᠤ ᠰᠢᠯᠭᠠᠨ ᠬᠢᠨᠠᠬᠤ ᠶᠢᠨ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠢᠴᠠᠭᠠᠭᠰᠠᠨ ᠪᠠ ᠲᠤᠬᠠᠶ ᠶᠢᠨ ᠲᠠᠯᠠᠪᠠᠶ ᠳᠤ ᠰᠤᠭᠤᠴᠢᠨ ᠪᠠᠶᠢᠴᠠᠭᠠᠭᠰᠠᠨ ᠪᠠᠶᠢᠳᠠᠯ ᠲᠠᠢ ᠤᠶᠠᠯᠳᠤᠭᠤᠯᠤᠨ᠂ ᠡᠯ᠎ᠡ ᠠᠶᠢᠮᠠᠭ ᠬᠤᠲᠠ ᠶᠢᠨ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠥᠪᠡᠷ ᠢ ᠪᠠᠨ ᠦᠨᠡᠯᠡᠭᠰᠡᠨ ᠮᠡᠳᠡᠭᠦᠯᠦᠯᠲᠡ ᠶᠢ ᠬᠢᠨᠠᠨ ᠬᠠᠷᠭᠤᠭᠤᠯᠵᠤ᠂ ᠬᠡᠮᠵᠢᠶ᠎ᠡ ᠪᠠ ᠴᠢᠨᠠᠷ ᠤᠨ ᠵᠠᠳᠠᠯᠤᠯᠲᠠ ᠶᠢ ᠤᠶᠠᠯᠳᠤᠭᠤᠯᠬᠤ ᠠᠷᠭ᠎ᠠ ᠬᠡᠷᠡᠭᠯᠡᠵᠦ ᠶᠡᠷᠦᠩᠬᠡᠶᠢᠯᠡᠭᠰᠡᠨ ᠦᠨᠡᠯᠡᠯᠲᠡ ᠬᠢᠵᠦ᠂ ᠰᠢᠯᠭᠠᠨ ᠬᠢᠨᠠᠭᠰᠠᠨ ᠦᠷ᠎ᠡ ᠳ᠋ᠦᠩ ᠤᠨ ᠵᠡᠷᠭᠡ ᠳᠡᠰ ᠢ ᠲᠣᠭᠲᠠᠭᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠬᠤ ᠬᠡᠷᠡᠭᠲᠡᠢ᠃
     ᠰᠢᠯᠭᠠᠨ ᠬᠢᠨᠠᠭᠰᠠᠨ ᠦᠷ᠎ᠡ ᠳ᠋ᠦᠩ ᠢ ᠬᠠᠷᠢᠭᠤ ᠲᠤᠰᠬᠠᠨ᠎ᠠ᠃ ᠰᠢᠯᠭᠠᠨ ᠬᠢᠨᠠᠭᠰᠠᠨ ᠦᠷ᠎ᠡ ᠳ᠋ᠦᠩ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠨᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠨᠡᠪᠲᠡᠷᠡᠭᠦᠯᠦᠨ ᠮᠡᠳᠡᠭᠡᠯᠡᠵᠦ᠂ ᠭᠤᠤᠯ ᠮᠥᠷᠡᠨ ᠤ ᠳᠠᠷᠤᠭ᠎ᠠ ᠶᠢᠨ ᠳᠦᠷᠢᠮ ᠤᠨ ᠰᠢᠯᠭᠠᠨ ᠬᠢᠨᠠᠬᠤ ᠪᠠ ᠤᠰᠤᠨ ᠤ ᠡᠬᠢ ᠰᠤᠷᠪᠤᠯᠵᠢ ᠶᠢᠨ ᠬᠠᠮᠤᠭ ᠤᠨ ᠴᠢᠩᠭ᠎ᠠ ᠬᠠᠮᠢᠶᠠᠷᠬᠤ ᠳᠦᠷᠢᠮ ᠤᠨ ᠰᠢᠯᠭᠠᠨ ᠬᠢᠨᠠᠬᠤ ᠲᠠᠢ ᠬᠠᠮᠲᠤ ᠳᠤ ᠨᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠶᠢᠨ ᠦᠨᠳᠦᠰᠦᠯᠡᠯ ᠪᠣᠯᠭᠠᠬᠤ ᠬᠡᠷᠡᠭᠲᠡᠢ᠃
     ᠶᠢᠰᠦᠳᠦᠭᠡᠷ ᠵᠦᠢᠯ  ︽ᠰᠢᠯᠢᠳᠡᠭ︾᠎ ᠢᠶᠠᠷ ᠰᠢᠯᠭᠠᠷᠠᠭᠤᠯᠤᠨ ᠲᠣᠭᠳᠠᠭᠠᠭᠳᠠᠭᠰᠠᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠥᠷᠥᠰᠥ ᠰᠢᠷᠣᠶ ᠶᠢ ᠬᠠᠮᠠᠭᠠᠯᠠᠬᠤ ᠠᠮᠢ ᠠᠬᠤᠶ ᠶᠢᠨ ᠲᠥᠷᠥᠯ ᠵᠦᠢᠯ ᠤᠨ ᠪᠠᠯᠠ ᠮᠥᠩᠭᠦ ᠶᠢᠨ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠡᠩ ᠲᠡᠷᠢᠭᠦᠨ ᠳᠤ ᠪᠣᠳᠣᠯᠬᠢᠯᠠᠬᠤ ᠬᠡᠷᠡᠭᠲᠡᠶ᠃ ︽ᠬᠢᠷᠢ ᠲᠡᠩᠴᠡᠭᠰᠡᠨ ᠦᠭᠡᠶ︾᠎ ᠪᠠᠷ ᠰᠢᠯᠭᠠᠷᠠᠭᠤᠯᠤᠨ ᠲᠣᠭᠳᠠᠭᠠᠭᠳᠠᠭᠰᠠᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠪᠢᠴᠢᠭ ᠢᠶᠠᠷ ᠪᠠᠶᠢᠴᠠᠭᠠᠯᠲᠠ ᠪᠠᠨ ᠲᠤᠰᠢᠶᠠᠬᠤ ᠶᠢᠨ ᠬᠠᠮᠲᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃
     ᠠᠷᠪᠠᠳᠤᠭᠠᠷ ᠵᠦᠢᠯ  ᠰᠢᠯᠭᠠᠨ ᠬᠢᠨᠠᠬᠤ ᠠᠵᠢᠯ ᠳᠤ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠵᠠᠷᠴᠢᠮ ᠢ ᠪᠠᠷᠢᠮᠲᠠᠯᠠᠨ᠂ ᠪᠤᠰᠤᠳᠴᠢ ᠪᠥᠭᠡᠳ ᠲᠥᠪ ᠭᠤᠣᠯᠴᠢ ᠪᠠᠢᠵᠤ᠂ ᠦᠨᠡᠨ ᠢ ᠪᠠᠷᠢᠮᠲᠠᠯᠠᠬᠤ ᠬᠡᠷᠡᠭᠲᠡᠶ᠃ ᠰᠢᠯᠭᠠᠨ ᠬᠢᠨᠠᠬᠤ ᠠᠵᠢᠯ ᠳᠤ ᠬᠤᠳᠠᠯ ᠢᠶᠠᠷ ᠮᠡᠳᠡᠭᠦᠯᠦᠭᠰᠡᠨ᠂ ᠮᠡᠳᠡᠭᠦᠯᠬᠦ ᠥᠬᠡᠶ ᠨᠢᠭᠤᠭᠰᠠᠨ ᠵᠡᠷᠭᠡ ᠬᠤᠳᠠᠯ ᠬᠠᠭᠤᠷᠮᠠᠭ ᠢᠶᠠᠷ ᠵᠣᠬᠢᠶᠠᠭᠰᠠᠨ ᠦᠢᠯᠡ ᠠᠵᠢᠯᠯᠠᠭ᠎ᠠ ᠲᠠᠢ ᠪᠠᠶᠢᠪᠠᠯ᠂ ᠰᠠᠬᠢᠯᠭ᠎ᠠ ᠪᠠᠲᠤ ᠪᠠ ᠬᠠᠤᠯᠢ ᠴᠠᠭᠠᠵᠠ ᠶᠣᠰᠣᠭᠠᠷ ᠬᠤᠯᠪᠣᠭᠳᠠᠯ ᠪᠥᠬᠦᠶ ᠬᠠᠷᠢᠭᠤᠴᠠᠬᠤ ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
     ᠠᠷᠪᠠᠨ ᠨᠢᠭᠡᠳᠦᠭᠡᠷ ᠵᠦᠢᠯ  ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠠᠷᠭ᠎ᠠ ᠪᠠᠷ ᠯᠠᠪᠯᠠᠯᠲᠠ ᠪᠣᠯᠭᠠᠵᠤ᠂ ᠲᠣᠰ ᠭᠠᠵᠠᠷ ᠣᠷᠣᠨ ᠤ ᠪᠠᠨ ᠪᠣᠳᠠᠲᠠᠢ ᠲᠠᠢ ᠤᠶᠠᠯᠳᠤᠭᠤᠯᠤᠨ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠠᠷᠠᠳ ᠤᠨ ᠵᠠᠰᠠᠭ ᠤᠨ ᠣᠷᠳᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠬᠢᠨᠠᠨ ᠰᠢᠯᠭᠠᠬᠤ ᠠᠷᠭ᠎ᠠ ᠶᠢ ᠲᠣᠭᠲᠠᠭᠠᠬᠤ ᠬᠡᠷᠡᠭᠲᠡᠢ᠃
     ᠠᠷᠪᠠᠨ ᠬᠤᠶᠠᠳᠤᠭᠠᠷ ᠵᠦᠢᠯ  ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
     ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠰᠢᠯᠭᠠᠨ ᠬᠢᠨᠠᠵᠤ ᠬᠤᠪᠢ ᠲᠣᠭᠲᠠᠭᠠᠬᠤ ᠪᠠᠷᠢᠮᠵᠢᠶ᠎ᠠ


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ