ᠠᠯᠠᠱᠠ ᠠᠶᠢᠮᠠᠭ ᠤᠨ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ᠰᠤᠷᠭᠠᠭᠤᠯᠢ ᠴᠤᠭᠯᠠᠬᠤ ᠠᠴᠠ ᠡᠮᠦᠨᠡᠬᠢ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠲᠥᠷᠥᠯ ᠤᠨ ᠬᠢᠨᠠᠨ ᠵᠢᠯᠤᠭᠤᠳᠤᠯᠭ᠎ᠠ ᠪᠠ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/3/3


      ᠣᠶᠢᠷ᠎ᠠ ᠳᠤ᠂ ᠠᠯᠠᠱᠠ ᠠᠶᠢᠮᠠᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠲᠠᠢ ᠬᠠᠮᠲᠤᠷᠠᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠠᠶᠢᠮᠠᠭ ᠤᠨ ᠡᠯ᠎ᠡ ᠱᠠᠲᠤᠨ ᠤ ᠡᠯ᠎ᠡ ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠴᠤᠭᠯᠠᠬᠤ ᠪᠡᠯᠡᠳᠬᠡᠯ ᠠᠵᠢᠯ ᠤᠨ ᠲᠤᠰᠬᠠᠶ ᠰᠢᠮᠳᠠᠭᠤᠯᠤᠨ ᠪᠠᠶᠢᠴᠠᠭᠠᠯᠲᠠ ᠬᠢᠵᠡᠢ᠃
      ᠡᠯ᠎ᠡ ᠰᠢᠮᠳᠠᠭᠤᠯᠤᠨ ᠪᠠᠶᠢᠴᠠᠭᠠᠬᠤ ᠳᠤᠭᠤᠶᠢᠯᠠᠩ ︽ᠠᠯᠠᠱᠠ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠠᠵᠢᠯ ᠢ ᠦᠨᠡᠯᠡᠨ ᠵᠢᠱᠢᠬᠦ ᠭᠦᠢᠴᠡᠳᠬᠡᠯ ᠲᠤᠭ᠎ᠠ︾ ᠶᠣᠰᠣᠭᠠᠷ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠬᠦ᠂ ᠮᠠᠲ᠋ᠧᠷᠢᠶᠠᠯ ᠢ ᠰᠢᠯᠭᠠᠨ  ᠪᠠᠶᠢᠴᠠᠭᠠᠬᠤ᠂ ᠲᠤᠬᠠᠶ ᠶᠢᠨ ᠲᠠᠯᠠᠪᠤᠷ ᠲᠤ ᠨᠢ ᠣᠶᠢᠯᠠᠭᠠᠯᠴᠠᠬᠤ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠴᠤᠭᠯᠠᠬᠤ ᠪᠡᠯᠡᠳᠬᠡᠯ ᠠᠵᠢᠯ ᠢ ᠰᠤᠷᠭᠠᠭᠤᠯᠢ ᠳᠠᠷᠠᠭᠠᠯᠠᠨ ᠲᠥᠷᠥᠯ ᠳᠠᠷᠠᠭᠠᠯᠠᠨ ᠲᠤᠰᠬᠠᠶᠢᠯᠠᠨ ᠬᠢᠨᠠᠨ ᠵᠢᠯᠣᠭᠤᠳᠴᠤ ᠪᠠᠶᠢᠴᠠᠭᠠᠪᠠ᠃ ᠡᠭᠦᠨ ᠳᠤ᠂ ᠨᠢᠭᠡᠳᠦᠭᠡᠷ ᠲᠤ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠪᠠ ᠠᠵᠢᠯ ᠤᠨ ᠲᠣᠭᠲᠠᠴᠠ ᠶᠢᠨ ᠪᠠᠶᠢᠭᠤᠯᠤᠯᠲᠠ ᠵᠢᠴᠢ ᠠᠵᠢᠯ ᠥᠷᠨᠢᠭᠦᠯᠦᠭᠰᠡᠨ ᠪᠠᠶᠢᠳᠠᠯ︔ ᠬᠤᠶᠠᠳᠤᠭᠠᠷ ᠲᠤ ᠰᠤᠷᠭᠠᠭᠤᠯᠢ ᠴᠤᠭᠯᠠᠬᠤ ᠠᠵᠢᠯ᠂ ᠰᠡᠷᠭᠡᠶᠢᠯᠡᠨ ᠡᠵᠡᠮᠳᠡᠬᠦ ᠠᠵᠢᠯ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠭᠠᠬᠤ ᠵᠡᠷᠭᠡ ᠲᠥᠰᠦᠯ ᠪᠠ ᠪᠡᠯᠡᠳᠬᠡᠯ ᠲᠥᠰᠦᠯ ᠢ ᠲᠣᠭᠲᠠᠭᠠᠭᠰᠠᠨ ᠪᠠᠶᠢᠳᠠᠯ︔ ᠭᠤᠷᠪᠠᠳᠤᠭᠠᠷ ᠲᠤ ᠡᠷᠡᠭᠦᠯ ᠮᠡᠨᠳᠦ ᠶᠢᠨ ᠬᠠᠮᠢᠶᠠᠷᠤᠯᠲᠠ᠂ ᠡᠷᠡᠭᠦᠯ ᠮᠡᠨᠳᠦ ᠶᠢᠨ ᠬᠥᠮᠦᠵᠢᠯ᠂ ᠪᠠᠺᠲ᠋ᠧᠷᠢ ᠶᠢ ᠠᠷᠢᠭᠤᠳᠬᠠᠨ ᠪᠠᠺᠲ᠋ᠧᠷᠢ ᠶᠢ ᠤᠰᠠᠳᠬᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠴᠠᠭᠠᠯᠲᠠ ᠵᠡᠷᠭᠡ ᠲᠦᠷᠢᠮ ᠲᠣᠭᠲᠠᠭᠠᠭᠰᠠᠨ ᠪᠠᠶᠢᠳᠠᠯ︔ ᠳᠥᠷᠪᠡᠳᠦᠭᠡᠷ ᠲᠤ ᠭᠤᠤᠯᠳᠠᠯᠭ᠎ᠠ ᠲᠠᠢ ᠠᠵᠢᠯᠲᠠᠳ ᠤᠨ ᠪᠣᠯᠪᠠᠰᠤᠷᠠᠯ᠂ ᠪᠠᠭᠰᠢ ᠰᠤᠷᠤᠭᠴᠢᠳ ᠤᠨ ᠤᠬᠠᠭᠤᠯᠭ᠎ᠠ ᠬᠥᠮᠦᠵᠢᠯ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠵᠡᠷᠭᠡ ᠶᠢ ᠥᠷᠨᠢᠭᠦᠯᠦᠭᠰᠡᠨ ᠪᠠᠶᠢᠳᠠᠯ︔ ᠲᠠᠪᠤᠳᠤᠭᠠᠷ ᠲᠤ ᠪᠠᠭᠰᠢ ᠨᠠᠷ ᠰᠤᠷᠤᠭᠴᠢᠳ ᠠᠵᠢᠯᠲᠠᠳ ᠤᠨ ᠡᠷᠡᠭᠦᠯ ᠮᠡᠨᠳᠦ ᠶᠢᠨ ᠪᠠᠶᠢᠳᠠᠯ᠂ ᠭᠤᠤᠯᠳᠠᠯᠭ᠎ᠠ ᠲᠠᠢ ᠬᠥᠮᠦᠰ ᠵᠡᠷᠭᠡ ᠶᠢ ᠨᠠᠷᠢᠯᠢᠭ ᠪᠠᠶᠢᠴᠠᠭᠠᠭᠰᠠᠨ ᠪᠠᠶᠢᠳᠠᠯ︔ ᠵᠢᠷᠭᠤᠳᠤᠭᠠᠷ ᠲᠤ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ᠂ ᠲᠤᠰᠠᠭᠠᠷᠯᠠᠬᠤ ᠣᠷᠣᠨ ᠵᠠᠶ ᠶᠢᠨ ᠪᠠᠶᠢᠷᠢᠯᠠᠭᠤᠯᠤᠯᠲᠠ ᠶᠢᠨ ᠪᠠᠶᠢᠳᠠᠯ︔ ᠳᠣᠯᠤᠳᠤᠭᠠᠷ ᠲᠤ᠂ ᠰᠤᠷᠭᠠᠭᠤᠯᠢ ᠶᠢᠨ ᠬᠦᠷᠢᠶ᠎ᠡ᠂ ᠬᠤᠭᠤᠯᠠᠨ ᠬᠡᠷ᠂ ᠪᠠᠶᠢᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ︔ ᠨᠠᠢᠮᠠᠳᠤᠭᠠᠷ ᠲᠤ ᠵᠢᠭᠠᠨ ᠰᠤᠷᠭᠠᠯᠲᠠ ᠶᠢᠨ ᠪᠡᠯᠡᠳᠬᠡᠯ ᠠᠵᠢᠯ ᠤᠨ ᠪᠠᠶᠢᠳᠠᠯ ᠵᠡᠷᠭᠡ ᠶᠢ ᠪᠠᠶᠢᠴᠠᠭᠠᠨ ︽ᠨᠠᠢᠮᠠ ᠶᠢ ᠪᠠᠶᠢᠴᠠᠭᠠᠬᠤ︾ ᠶᠢ ᠦᠨᠡᠨ ᠬᠦ ᠪᠡᠶᠡᠯᠡᠭᠦᠯᠵᠦ᠂ ᠵᠢᠷᠤᠮᠯᠠᠬᠤ ᠳᠦᠷᠢᠮ ᠲᠠᠢ ᠪᠥᠭᠡᠳ ᠨᠢᠮᠪᠠᠢ ᠠᠵᠢᠯᠯᠠᠵᠤ᠂ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠭᠡᠳ ᠰᠤᠷᠭᠠᠭᠤᠯᠢ ᠴᠤᠭᠯᠠᠬᠤ ᠪᠠ ᠬᠢᠵᠢᠭ ᠢ ᠰᠡᠷᠭᠡᠶᠢᠯᠡᠬᠦ ᠶᠢ ᠬᠢᠨᠠᠨ ᠪᠠᠶᠢᠴᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃
      ᠰᠢᠮᠳᠠᠭᠤᠯᠤᠨ ᠪᠠᠶᠢᠴᠠᠭᠠᠬᠤ ᠠᠵᠢᠯᠲᠠᠳ ᠰᠢᠮᠳᠠᠭᠤᠯᠤᠨ ᠪᠠᠶᠢᠴᠠᠭᠠᠬᠤ ᠠᠭᠤᠯᠭ᠎ᠠ ᠪᠠ ᠭᠦᠢᠴᠡᠳᠬᠡᠬᠦ ᠲᠤᠭ᠎ᠠ ᠶᠣᠰᠣᠭᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠤᠷᠭᠠᠭᠤᠯᠢ ᠳᠠᠷᠠᠭᠠᠯᠠᠨ ᠲᠥᠷᠦᠯ ᠳᠠᠷᠠᠭᠠᠯᠠᠨ ᠨᠠᠶᠢᠳᠠᠪᠤᠷᠢᠵᠢᠭᠤᠯᠵᠤ᠂ ᠢᠯᠡᠷᠡᠭᠦᠯᠦᠭᠰᠡᠨ ᠠᠰᠠᠭᠤᠳᠠᠯ ᠤᠳ ᠲᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠶᠢ ᠲᠤᠬᠠᠶ ᠶᠢᠨ ᠲᠠᠯᠠᠪᠤᠷ ᠲᠤ ᠨᠢ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠰᠤᠷᠭᠠᠭᠤᠯᠢ ᠴᠤᠭᠯᠠᠬᠤ ᠠᠴᠠ ᠡᠮᠦᠨ᠎ᠡ ᠬᠤᠶᠢᠨᠠᠬᠢ ᠬᠢᠵᠢᠭ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠤᠢ᠃
      ᠳᠠᠷᠠᠭᠠᠴᠢ ᠶᠢᠨ ᠠᠯᠬᠤᠮ ᠳᠤ᠂ ᠠᠯᠠᠱᠠ ᠠᠶᠢᠮᠠᠭ ᠤᠨ ᠡᠯ᠎ᠡ ᠱᠠᠲᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠨᠢᠭᠡ ᠵᠦᠢᠯ ᠤᠨ ᠤᠯᠤᠰ ᠲᠥᠷᠥ ᠶᠢᠨ ᠴᠢᠬᠤᠯᠠ ᠡᠭᠦᠷᠭᠡ ᠪᠣᠯᠭᠠᠨ ᠪᠣᠳᠠᠲᠠᠶ ᠳᠤ ᠨᠠᠶᠢᠳᠠᠪᠤᠷᠢᠵᠢᠭᠤᠯᠵᠤ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠵᠢᠯ ᠶᠢ ᠬᠢᠨᠠᠨ ᠵᠢᠯᠣᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ︽ᠰᠡᠷᠭᠡᠶᠢᠯᠡᠬᠦ︾ ᠦᠵᠡᠯ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠰᠡᠷᠭᠡᠶᠢᠯᠡᠬᠦ︾ ᠠᠷᠭ᠎ᠠ ᠬᠡᠮᠵᠢᠶ᠎ᠡ ᠶᠢ ᠴᠢᠩᠳᠠᠯᠠᠵᠤ᠂ ︽ᠰᠡᠷᠭᠡᠶᠢᠯᠡᠬᠦ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠡᠮ ᠰᠣᠭᠤᠭ ᠢ ᠴᠠᠭ ᠲᠤᠬᠠᠶ ᠳᠤ ᠨᠢ ᠵᠢᠭᠰᠠᠭᠠᠨ ᠪᠠᠶᠢᠴᠠᠭᠠᠵᠤ᠂ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠢ ᠳᠠᠷᠤᠶᠢᠬᠠᠨ ᠨᠥᠬᠦᠪᠥᠷᠢᠯᠡᠵᠦ᠂ ᠠᠵᠢᠯ ᠤᠨ ᠠᠯᠳᠠᠭ᠎ᠠ ᠭᠠᠷᠭᠠᠬᠤ ᠶᠢ ᠬᠤᠷᠢᠭᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ