3 ᠳ᠋ᠤᠭᠠᠷ ᠰᠠᠷ᠎ᠠ ᠶᠢᠨ 23 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠥᠬᠡᠬᠤᠲᠠ ᠮᠠᠰᠢᠨᠲᠤ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠵᠤ ︽ᠵᠡᠭᠡᠯᠢ ᠦᠢᠮᠡᠭᠦᠯᠬᠦ︾ ᠪᠠ ᠪᠠᠷᠢᠯᠭ᠎ᠠ ᠶᠢᠨ ᠲᠡᠭᠡᠭᠡᠪᠦᠷᠢ ᠶᠢᠨ ᠲᠡᠷᠭᠡ ᠶᠢ ᠵᠡᠷᠯᠢᠭ ᠪᠠᠯᠠᠮᠠᠳ ᠢᠶᠠᠷ ᠵᠢᠯᠤᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/3/30
      ᠣᠶᠢᠷ᠎ᠠ ᠳᠤ᠂ ᠬᠥᠬᠡᠬᠤᠲᠠ ᠶᠢᠨ ᠵᠠᠷᠢᠮ ᠵᠠᠮ ᠤᠨ ᠬᠡᠰᠡᠭ ᠲᠤ ᠮᠠᠰᠢᠨᠲᠤ ᠲᠡᠷᠭᠡ ᠵᠢᠯᠣᠭᠤᠳᠴᠤ ︽ᠵᠡᠭᠡᠯᠢ ᠦᠢᠮᠡᠭᠦᠯᠬᠦ︾ ᠪᠠ ᠪᠠᠷᠢᠯᠭ᠎ᠠ ᠶᠢᠨ ᠲᠡᠭᠡᠭᠡᠪᠦᠷᠢ ᠶᠢᠨ ᠲᠡᠷᠭᠡ ᠶᠢ ᠵᠡᠷᠯᠢᠭ ᠪᠠᠯᠠᠮᠠᠳ ᠢᠶᠠᠷ ᠵᠢᠯᠤᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠵᠠᠯᠭᠠᠭ᠎ᠠ ᠪᠠᠷ ᠡᠭᠦᠰᠴᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠬᠡᠮ ᠬᠦᠨᠳᠦ ᠨᠣᠴᠢᠲᠠᠢ ᠣᠷᠣᠰᠢᠵᠤ ᠪᠠᠶᠢᠬᠤ ᠪᠠᠷ ᠪᠠᠷᠠᠬᠤ ᠦᠭᠡᠢ ᠱᠤᠤᠭᠢᠶᠠᠨᠲᠤ ᠣᠷᠴᠢᠨ ᠠᠬᠤᠢ ᠶᠢᠨ ᠪᠣᠬᠢᠷᠳᠤᠯ ᠢ ᠪᠣᠶ ᠪᠣᠯᠭᠠᠵᠤ᠂ ᠣᠯᠠᠨ ᠲᠦᠮᠡᠨ ᠤ ᠡᠳᠦᠷ ᠲᠤᠲᠤᠮ ᠤᠨ ᠠᠵᠢᠯ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠦ ᠪᠠᠶᠢᠨ᠎ᠠ᠃ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠦᠨᠡᠨ ᠬᠦ ᠬᠠᠷᠢᠭᠤᠯᠲᠠ ᠥᠭᠴᠦ᠂ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠥᠷᠭᠡᠨ ᠣᠯᠠᠨ ᠬᠤᠲᠠ ᠶᠢᠨ ᠠᠷᠠᠳ ᠤᠨ ᠠᠮᠤᠷ ᠲᠦᠪᠰᠢᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ 3 ᠳ᠋ᠤᠭᠠᠷ ᠰᠠᠷ᠎ᠠ ᠶᠢᠨ 23 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠪᠦᠬᠦ ᠬᠤᠲᠠ ᠶᠢᠨ ᠬᠡᠪᠴᠢᠶᠡᠨ ᠳᠤ ᠮᠠᠰᠢᠨᠲᠤ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠵᠤ ︽ᠵᠡᠭᠡᠯᠢ ᠦᠢᠮᠡᠭᠦᠯᠬᠦ︾ ᠪᠠ ᠪᠠᠷᠢᠯᠭ᠎ᠠ ᠶᠢᠨ ᠲᠡᠭᠡᠭᠡᠪᠦᠷᠢ ᠶᠢᠨ ᠲᠡᠷᠭᠡ ᠶᠢ ᠵᠡᠷᠯᠢᠭ ᠪᠠᠯᠠᠮᠠᠳ ᠢᠶᠠᠷ ᠵᠢᠯᠤᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃      ᠲᠤᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠳᠤ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢᠶᠠᠷ ᠭᠤᠣᠯ ᠰᠢᠵᠢᠮ ᠪᠣᠯᠭᠠᠵᠤ᠂ ᠵᠠᠮ ᠬᠠᠷᠢᠯᠴᠠᠭᠠᠨ ᠤ ᠠᠳᠡᠯ ᠤᠨ ︽ᠬᠡᠮᠵᠢᠶ᠎ᠡ ᠶᠢ ᠪᠠᠭᠠᠰᠬᠠᠵᠤ ᠶᠡᠭᠡ ᠶᠢ ᠬᠢᠵᠠᠭᠠᠷᠯᠠᠬᠤ︾ ᠠᠵᠢᠯ ᠢᠶᠠᠷ ᠭᠠᠷᠳᠠᠴᠠ ᠪᠣᠯᠭᠠᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ︾ ᠶᠢ ᠪᠠᠷᠢᠮᠲᠠᠯᠠᠨ᠂ ︽ᠠᠰᠠᠭᠤᠳᠠᠯ ᠳᠤ ᠰᠢᠭᠤᠳ ᠬᠠᠨᠳᠤᠬᠤ᠂ ᠠᠷᠠᠳ ᠤᠨ ᠰᠠᠨᠠᠭ᠎ᠠ ᠳᠤ ᠰᠢᠭᠤᠳ ᠬᠠᠨᠳᠤᠬᠤ᠂ ᠠᠮᠢᠨ ᠭᠠᠵᠠᠷ ᠲᠤ ᠰᠢᠭᠤᠳ ᠴᠣᠬᠢᠯᠲᠠ ᠥᠭᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠮᠠᠰᠢᠨᠲᠤ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠵᠤ ︽ᠵᠡᠭᠡᠯᠢ ᠦᠢᠮᠡᠭᠦᠯᠬᠦ︾ ᠪᠠ ᠪᠠᠷᠢᠯᠭ᠎ᠠ ᠶᠢᠨ ᠲᠡᠭᠡᠭᠡᠪᠦᠷᠢ ᠶᠢᠨ ᠲᠡᠷᠭᠡ ᠶᠢ ᠵᠡᠷᠯᠢᠭ ᠪᠠᠯᠠᠮᠠᠳ ᠢᠶᠠᠷ ᠵᠢᠯᠤᠭᠤᠳᠴᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠴᠡᠭᠴᠡᠯᠡᠨ ᠵᠠᠰᠠᠵᠤ᠂ ︽ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ ᠨᠢᠭᠡ ᠶᠢ ᠲᠠᠯᠪᠢᠵᠤ︾᠂ ᠬᠤᠲᠠ ᠶᠢᠨ ᠠᠷᠠᠳ ᠲᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ᠂ ᠪᠣᠯᠪᠠᠰᠤᠨ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠵᠤ ᠪᠠᠶᠢᠨ᠎ᠠ᠃       ᠠᠵᠢᠯᠯᠠᠭ᠎ᠠ ᠶᠢᠨ ᠬᠤᠭᠤᠴᠠᠭᠠᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠠᠤᠯᠢ ᠬᠡᠷᠡᠭᠵᠢᠭᠦᠯᠬᠦ ᠨᠡᠭᠦᠳᠡᠯ ᠰᠠᠯᠪᠤᠷᠢ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ ᠭᠤᠣᠯᠳᠠᠯᠭ᠎ᠠ ᠲᠠᠢ ᠴᠠᠭ ᠪᠠ ᠠᠳᠡᠯ ᠣᠯᠠᠨ ᠡᠭᠦᠰᠳᠡᠭ ᠵᠠᠮ ᠤᠨ ᠬᠡᠰᠡᠭ ᠲᠤ ᠮᠠᠰᠢᠨᠲᠤ ᠲᠡᠷᠭᠡ ᠶᠢ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠂ ︽ᠵᠡᠭᠡᠯᠢ ᠦᠢᠮᠡᠭᠦᠯᠬᠦ︾᠂ ᠮᠣᠲ᠋ᠣᠷ ᠲᠡᠷᠭᠡ ᠪᠠᠷ ᠬᠤᠷᠳᠤᠴᠠ ᠮᠥᠷᠥᠶᠢᠴᠡᠬᠦ᠂ ᠲᠡᠷᠭᠡ ᠬᠥᠰᠬᠡ ᠶᠢᠨ ᠫᠠᠶᠢᠰᠠ ᠦᠨᠡᠮᠯᠡᠯ ᠦᠭᠡᠢ᠂ ᠪᠠᠷᠢᠯᠭ᠎ᠠ ᠶᠢᠨ ᠲᠡᠭᠡᠭᠡᠪᠦᠷᠢ ᠶᠢᠨ ᠲᠡᠷᠭᠡ ᠰᠥᠨᠢ ᠣᠷᠣᠢ ᠵᠠᠮ ᠤᠨ ᠳᠣᠬᠢᠶ᠎ᠠ ᠶᠢ ᠳᠠᠭᠠᠷᠢᠬᠤ᠂ ᠪᠠᠯᠠᠮᠠᠳ ᠢᠶᠠᠷ ᠲᠡᠷᠭᠡ ᠵᠢᠯᠤᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠶᠢ ᠴᠢᠩᠭ᠎ᠠ ᠬᠠᠮᠢᠶᠠᠷᠴᠤ ᠴᠢᠩᠭ᠎ᠠ ᠪᠠᠶᠢᠴᠠᠭᠠᠨ᠎ᠠ᠃      ᠡᠭᠦᠨ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠠᠰᠠ ᠰᠠᠨᠠᠭᠤᠯᠤᠮᠵᠢ ᠭᠠᠷᠭᠠᠵᠤ᠂ ᠪᠤᠰᠤᠳ ᠬᠥᠮᠥᠨ ᠪᠠ ᠥᠪᠡᠷ ᠤᠨ ᠠᠮᠤᠷ ᠲᠦᠪᠰᠢᠨ ᠤ ᠲᠥᠯᠥᠭᠡ᠂ ᠥᠷᠭᠡᠨ ᠣᠯᠠᠨ ᠮᠠᠰᠢᠨᠲᠤ ᠲᠡᠷᠭᠡᠨ ᠤ ᠵᠢᠯᠣᠭᠤᠴᠢ ᠨᠠᠷ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠳᠡᠭᠡᠷ᠎ᠡ ᠳᠤᠷᠠᠳᠤᠭᠰᠠᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠬᠡᠷᠡᠭᠲᠡᠢ᠃ ᠢᠯᠡᠴᠢᠯᠡᠨ ᠮᠡᠳᠡᠭᠦᠯᠬᠦ ᠳᠤ ᠪᠠᠨ ᠲᠡᠷᠭᠡ ᠵᠢᠯᠤᠭᠤᠳᠬᠤ ᠲᠡᠮᠳᠡᠭᠯᠡᠭᠦᠷ᠂ ᠭᠠᠷ ᠤᠲᠠᠰᠤ ᠵᠡᠷᠭᠡ ᠳᠦᠷᠰᠦ ᠰᠢᠩᠭᠡᠭᠡᠬᠦ ᠲᠥᠬᠦᠭᠡᠷᠦᠮᠵᠢ ᠪᠠᠷ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢᠨ ᠡᠭᠦᠰᠦᠭᠰᠡᠨ ᠴᠠᠭ᠂ ᠭᠠᠵᠠᠷ ᠣᠷᠣᠨ ᠪᠠ ᠲᠡᠷᠭᠡ ᠬᠥᠰᠬᠡ ᠶᠢᠨ ᠪᠠᠶᠢᠳᠠᠯ ᠢ ᠣᠨᠣᠪᠴᠢᠲᠠᠶ ᠲᠡᠮᠲᠡᠭᠯᠡᠭᠰᠡᠨ ᠮᠠᠲ᠋ᠧᠷᠢᠶᠠᠯ ᠢ ᠬᠠᠩᠭᠠᠬᠤ ᠬᠡᠷᠡᠭᠲᠡᠢ᠃ ᠢᠯᠡᠴᠢᠯᠡᠨ ᠮᠡᠳᠡᠭᠦᠯᠬᠦ ᠤᠲᠠᠰᠤ᠄ 122᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ