ᠦᠰᠦᠭ ᠪᠢᠴᠢᠭ ᠢᠶᠠᠷ ᠥᠭᠦᠯᠡᠬᠦᠢ᠄ ︽ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/3/31


      ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2021﹈ 36 ᠳ᠋ᠤᠭᠠᠷ ᠲᠣᠭᠠᠲᠤ︶᠂ ︽2030 ᠣᠨ ᠠᠴᠠ ᠡᠮᠦᠨᠡᠬᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2021﹈ 23 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠦᠨ ᠳᠣᠭᠢᠷᠠᠭᠤᠯᠬᠤ ᠶᠢ ᠲᠦᠷᠭᠡᠳᠬᠡᠵᠦ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠦᠷ᠎ᠡ ᠪᠦᠲᠦᠮᠵᠢᠲᠡᠶ ᠡᠨᠧᠷᠭᠢ ᠶᠢᠨ ᠲᠣᠭᠲᠠᠯᠴᠠᠭ᠎ᠠ ᠶᠢ ᠪᠠᠶᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ  ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠠᠢ᠂ ᠣᠳᠣ ︽ᠰᠠᠨᠠᠯ︾ ᠤᠨ ᠬᠤᠯᠪᠣᠭᠳᠠᠯ ᠪᠥᠬᠦᠶ ᠠᠭᠤᠯᠭ᠎ᠠ ᠳᠤ ᠳᠠᠷᠠᠭᠠᠬᠢ ᠮᠡᠲᠦ ᠲᠠᠶᠢᠯᠤᠮᠵᠢ ᠬᠢᠶ᠎ᠡ᠃
      ᠨᠢᠭᠡ᠂ ︽ᠰᠠᠨᠠᠯ︾ ᠤᠨ ᠨᠡᠶᠢᠲᠡᠯᠡᠭᠳᠡᠭᠰᠡᠨ ᠠᠬᠤᠶ ᠪᠠᠶᠢᠳᠠᠯ ᠪᠠ ᠠᠴᠢ ᠬᠤᠯᠪᠣᠭᠳᠠᠯ
      2021 ᠣᠨ ᠳᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠰᠠᠨᠠᠯ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢᠨ ᠲᠥᠰᠦᠯ ᠢ ᠨᠡᠶᠢᠲᠡᠯᠡᠭᠡᠳ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠠᠵᠢᠯᠯᠠᠭ᠎ᠠ ᠶᠢᠨ ᠵᠠᠮ ᠱᠤᠭᠤᠮ ᠢ ᠵᠢᠷᠤᠵᠤ ᠥᠭᠴᠡᠢ᠃ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠲᠠᠢ ᠪᠠᠷ ᠨᠡᠭᠡᠭᠡᠨ ᠠᠰᠢᠭᠯᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠡᠰ ᠤᠨ ᠨᠢᠭᠡ ᠪᠦᠯᠦᠭ ᠰᠢᠨ᠎ᠡ ᠡᠨᠧᠷᠭᠢ ᠶᠢᠨ ᠰᠠᠭᠤᠷᠢᠨ ᠢ ᠪᠦᠳᠦᠭᠡᠨ ᠪᠠᠶᠢᠭᠤᠯᠵᠤ᠂ ᠡᠨᠧᠷᠭᠢ ᠶᠢᠨ ᠬᠥᠭᠵᠢᠯᠲᠡ ᠶᠢᠨ ︽ᠬᠤᠶᠠᠷ ᠢ ᠤᠷᠢᠳ ᠢᠶᠠᠷ ᠭᠦᠢᠴᠡᠳᠬᠡᠬᠦ︾ ︽ᠬᠤᠶᠠᠷ ᠢ ᠳᠠᠪᠠᠭᠤᠯᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠤᠷᠠᠳᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠢᠮ ᠤᠨ ᠪᠣᠷᠣ ᠲᠥᠰᠦᠪ ᠢ ᠲᠣᠭᠲᠠᠭᠠᠨ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠲᠣᠬᠢᠷᠠᠭᠤᠯᠤᠯᠲᠠ᠂ ᠪᠥᠲᠥᠭᠡᠨ ᠪᠠᠶᠢᠭᠤᠯᠤᠯᠲᠠ᠂ ᠠᠵᠢᠯᠯᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠳᠤ ᠪᠠᠶᠢᠳᠠᠯ ᠲᠠᠢ ᠤᠶᠠᠯᠳᠤᠭᠤᠯᠤᠨ᠂ ︽ᠰᠠᠨᠠᠯ︾ ᠢ ᠰᠤᠳᠤᠯᠤᠨ ᠲᠣᠭᠲᠠᠭᠠᠵᠤ ᠵᠢᠯᠣᠭᠤᠳᠬᠤ ᠪᠢᠴᠢᠭ ᠮᠠᠲ᠋ᠧᠷᠢᠶᠠᠯ

ᠪᠣᠯᠭᠠᠪᠠ᠃
      ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠰᠠᠨᠠᠯ︾ ᠢ ᠨᠠᠶᠢᠷᠠᠭᠤᠯᠤᠨ ᠲᠤᠭᠤᠷᠪᠢᠭᠠᠳ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠢ ᠴᠢᠨᠠᠷ ᠰᠠᠶᠢᠲᠠᠶ ᠳᠣᠬᠢᠷᠠᠭᠤᠯᠬᠤ᠂ ᠴᠢᠨᠠᠷ ᠰᠠᠶᠢᠲᠠᠶ ᠪᠥᠲᠥᠭᠡᠨ ᠪᠠᠶᠢᠭᠤᠯᠬᠤ᠂ ᠴᠢᠨᠠᠷ ᠰᠠᠶᠢᠲᠠᠶ ᠠᠵᠢᠯᠯᠠᠭᠤᠯᠬᠤ ᠶᠢ ᠪᠠᠷᠢᠮᠲᠠᠯᠠᠬᠤ ᠶᠢᠨ ᠬᠠᠮᠲᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠪᠠᠷ ᠬᠠᠮᠵᠢᠯᠴᠠᠨ ᠬᠥᠭᠵᠢᠬᠦ ᠶᠢ ᠳᠠᠶᠢᠴᠢᠯᠠᠨ᠂ ᠰᠢᠨ᠎ᠡ ᠡᠨᠧᠷᠭᠢ ᠶᠢᠨ ᠴᠢᠨᠠᠷ ᠰᠠᠶᠢᠲᠠᠶ ᠬᠥᠭᠵᠢᠯᠲᠡ ᠶᠢᠨ ᠲᠤᠯᠭᠠᠭᠤᠷᠢᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠭᠡᠵᠦ ︽ᠰᠠᠨᠠᠯ︾ ᠳᠤ ᠳᠤᠷᠠᠳᠴᠠᠢ᠃ ︽ᠰᠠᠨᠠᠯ︾ ᠳᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠠᠷᠭ᠎ᠠ᠂ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠬᠤ ᠪᠠ ᠠᠮᠤᠷ ᠲᠣᠭᠲᠠᠭᠤᠨ ᠢᠶᠠᠷ ᠠᠵᠢᠯᠯᠠᠭᠤᠯᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠮᠤᠷᠴᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠠ ᠬᠠᠮᠢᠶ᠎ᠠ ᠪᠥᠬᠦᠶ ᠲᠤᠯᠭᠠᠭᠤᠷᠢᠯᠠᠬᠤ ᠲᠣᠭᠲᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠰᠡᠳᠬᠢᠮᠵᠢ ᠶᠢ ᠳᠤᠷᠠᠳᠴᠠᠢ᠃
      ᠬᠤᠶᠠᠷ᠂ ᠠᠭᠤᠯᠭ᠎ᠠ ᠶᠢᠨ ᠲᠠᠶᠢᠯᠤᠮᠵᠢ
      ︽ᠰᠠᠨᠠᠯ︾ ᠢ ᠶᠡᠷᠦᠩᠬᠡᠶ ᠱᠠᠭᠠᠷᠳᠠᠯᠭ᠎ᠠ᠂ ᠦᠨᠳᠦᠰᠦᠨ ᠵᠠᠷᠴᠢᠮ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠶᠢ ᠨᠢᠭᠡᠳᠦᠯᠲᠡᠶ ᠲᠥᠯᠦᠪᠵᠢᠭᠦᠯᠬᠦ᠂ ᠲᠥᠷᠥᠯ ᠵᠦᠢᠯ ᠤᠨ ᠥᠨᠳᠥᠷ ᠪᠠᠷᠢᠮᠵᠢᠶᠠᠲᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ᠂ ᠠᠮᠤᠷ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠬᠤ᠂ ᠲᠤᠯᠭᠠᠭᠤᠷᠢᠯᠠᠬᠤ ᠲᠣᠭᠲᠠᠯᠴᠠᠭ᠎ᠠ ᠶᠢ ᠴᠢᠩᠭᠠᠳᠬᠠᠬᠤ ᠭᠡᠬᠦ ᠲᠤᠯᠤᠭᠠᠨ ᠬᠡᠰᠡᠭ ᠬᠤᠪᠢᠶᠠᠨ᠎ᠠ᠂ ᠪᠣᠳᠠᠲᠠᠶ ᠠᠭᠤᠯᠭ᠎ᠠ ᠨᠢ ᠳᠠᠷᠠᠭᠠᠬᠢ ᠮᠡᠲᠦ᠄
      ︵ᠨᠢᠭᠡ︶ ᠶᠡᠷᠦᠩᠬᠡᠶ ᠱᠠᠭᠠᠷᠳᠠᠯᠭ᠎ᠠ ᠶᠢᠨ ᠬᠡᠰᠡᠭ᠃ ᠨᠠᠮ ᠪᠠ ᠤᠯᠤᠰ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ︽ᠲᠦᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠰᠤᠷᠪᠤᠯᠵᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠶᠡᠭᠡ ᠪᠠᠷ ᠬᠥᠭᠵᠢᠭᠦᠯᠵᠦ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠤᠷᠪᠤᠯᠵᠢ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠵᠠᠰᠠᠭ ᠤᠨ ᠣᠷᠳᠣᠨ ᠬᠥᠲᠥᠯᠦᠨ ᠵᠢᠯᠣᠭᠤᠳᠬᠤ ᠪᠠ ᠵᠠᠬ᠎ᠠ ᠳᠡᠯᠭᠡᠭᠦᠷ ᠲᠣᠭᠲᠠᠭᠠᠬᠤ ᠬᠤᠶᠠᠷ ᠲᠠᠯ᠎ᠠ ᠠᠴᠠ  ᠬᠦᠴᠦᠯᠡᠬᠦ ᠪᠠᠷ ᠳᠠᠮᠵᠢᠭᠤᠯᠤᠨ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠲᠠᠢ ᠪᠠᠷ ᠨᠡᠭᠡᠭᠡᠨ ᠠᠰᠢᠭᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠵᠤ ᠠᠬᠤᠶ ᠶᠢᠨ ︽ᠬᠤᠶᠠᠷ ᠢ ᠤᠷᠢᠳ ᠢᠶᠠᠷ ᠭᠦᠢᠴᠡᠳᠬᠡᠬᠦ᠂ ᠬᠤᠶᠠᠷ ᠢ ᠳᠠᠪᠠᠭᠤᠯᠬᠤ︾ ᠬᠠᠷᠠᠯᠲᠠ ᠶᠢ ᠪᠡᠶᠡᠯᠡᠭᠦᠯᠦᠨ᠎ᠡ ᠭᠡᠵᠦ ᠲᠤᠰ ᠬᠡᠰᠡᠭ ᠲᠤ ᠳᠤᠷᠠᠳᠪᠠ᠃
      ︵ᠬᠤᠶᠠᠷ︶ ᠦᠨᠳᠦᠰᠦᠨ ᠵᠠᠷᠴᠢᠮ ᠤᠨ ᠬᠡᠰᠡᠭ᠃ ᠡᠭᠦᠨ ᠳᠤ ᠭᠤᠤᠯᠳᠠᠭᠤ ᠰᠢᠨ᠎ᠡ ᠡᠨᠧᠷᠭᠢ ᠶᠢ ᠲᠣᠬᠢᠷᠠᠭᠤᠯᠬᠤ ᠪᠥᠲᠥᠭᠡᠨ ᠪᠠᠶᠢᠭᠤᠯᠬᠤ ᠠᠵᠢᠯᠯᠠᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠬᠤ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠠ ︽ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ︾ ᠬᠠᠷᠠᠯᠲᠠ ᠶᠢ ᠬᠠᠷᠢᠯᠴᠠᠨ ᠨᠢᠭᠡᠳᠬᠡᠬᠦ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠠ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠬᠤ ᠶᠢ ᠬᠠᠷᠢᠯᠴᠠᠨ ᠤᠶᠠᠯᠳᠤᠭᠤᠯᠬᠤ᠂ ᠶᠡᠷᠦᠩᠬᠡᠶ ᠲᠥᠯᠥᠪᠵᠢᠭᠦᠯᠭᠡ ᠪᠠ ᠠᠯᠬᠤᠮ ᠬᠤᠪᠢᠶᠠᠨ ᠬᠡᠷᠡᠭᠵᠢᠭᠦᠯᠬᠦ ᠶᠢ ᠬᠠᠷᠢᠯᠴᠠᠨ ᠵᠣᠯᠭᠠᠭᠤᠯᠬᠤ ᠳᠥᠷᠪᠡᠨ ᠵᠠᠷᠴᠢᠮ ᠶᠢ ᠪᠠᠭᠲᠠᠭᠠᠨ᠎ᠠ᠃
      ︵ᠭᠤᠷᠪᠠ︶ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ ᠶᠢ ᠨᠢᠭᠡᠳᠦᠯᠲᠡᠶ ᠲᠥᠯᠦᠪᠵᠢᠭᠦᠯᠬᠦ ᠬᠡᠰᠡᠭ᠃ ᠰᠦᠯᠵᠢᠶᠡᠨ ᠳᠤ ᠣᠷᠣᠭᠤᠯᠬᠤ ᠤᠯᠠᠨ ᠡᠰᠢᠴᠢᠯᠡᠭᠰᠡᠨ ᠲᠣᠭᠲᠠᠴᠠ ᠶᠢ ᠪᠠᠶᠢᠭᠤᠯᠵᠤ᠂ ᠵᠢᠷᠭᠤᠭᠠᠨ ᠲᠦᠷᠦᠯ ᠤᠨ ᠵᠠᠬ᠎ᠠ ᠳᠡᠯᠭᠡᠭᠦᠷᠴᠢᠯᠡᠨ ᠰᠦᠯᠵᠢᠶᠡᠨ ᠣᠷᠣᠭᠤᠯᠤᠨ ᠪᠠᠭᠲᠠᠭᠠᠬᠤ ᠲᠦᠷᠦᠯ ᠵᠦᠢᠯ ᠢ ᠤᠷᠢᠳ ᠢᠶᠠᠷ ᠳᠡᠮᠵᠢᠵᠦ᠂ ᠲᠦᠷᠪᠡᠨ ᠲᠦᠷᠦᠯ ᠤᠨ ᠪᠠᠲᠤᠯᠠᠭ᠎ᠠ ᠶᠢᠨ ᠴᠢᠨᠠᠷᠲᠠᠶ ᠪᠠᠷ ᠰᠦᠯᠵᠢᠶᠡᠨ ᠣᠷᠣᠭᠤᠯᠤᠨ ᠪᠠᠭᠲᠠᠭᠠᠬᠤ ᠲᠦᠷᠦᠯ ᠵᠦᠢᠯ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠤᠨ᠎ᠠ᠃ ᠲᠥᠷᠥᠯ ᠵᠦᠢᠯ ᠭᠤᠶᠤᠴᠢᠯᠠᠨ ᠮᠡᠳᠡᠭᠦᠯᠬᠦ ᠡᠮᠬᠢ ᠳᠢᠭᠯᠢᠮ ᠢ ᠵᠢᠷᠤᠮᠵᠢᠭᠤᠯᠵᠤ᠂ ᠡᠯ᠎ᠡ ᠲᠥᠷᠥᠯ ᠤᠨ ᠲᠥᠷᠥᠯ ᠵᠦᠢᠯ ᠭᠤᠶᠤᠴᠢᠯᠠᠨ ᠮᠡᠳᠡᠭᠦᠯᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢᠭᠡᠳᠦᠯᠲᠡᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠤᠳ ᠤᠨ ᠡᠯ᠎ᠡ ᠵᠦᠢᠯ ᠤᠨ ᠬᠡᠯᠪᠡᠷᠢ ᠪᠠᠷ ᠣᠷᠣᠨ ᠤ ᠳᠣᠲᠣᠷᠠᠬᠢ ᠰᠢᠨ᠎ᠡ ᠡᠨᠧᠷᠭᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠳᠤ ᠣᠷᠣᠯᠴᠠᠬᠤ ᠶᠢ ᠳᠡᠮᠵᠢᠨ ᠵᠣᠷᠢᠭᠵᠢᠭᠤᠯᠤᠨ᠎ᠠ ᠭᠡᠵᠦ ᠲᠤᠰ ᠬᠡᠰᠡᠭ ᠲᠤ ᠳᠤᠷᠠᠳᠴᠠᠢ᠃
      ︵ᠳᠥᠷᠪᠡ︶ ᠲᠥᠷᠥᠯ ᠵᠦᠢᠯ ᠤᠨ ᠥᠨᠳᠥᠷ ᠪᠠᠷᠢᠮᠵᠢᠶᠠᠲᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠰᠡᠭ᠃ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠢ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠲᠥᠷᠥᠯ ᠵᠦᠢᠯ ᠤᠳ ᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠴᠢᠩᠭᠠᠳᠬᠠᠨ᠂ ᠠᠶᠢᠮᠠᠭ ᠬᠤᠲᠠ ᠨᠤᠭᠤᠳ ᠪᠠ ᠠᠵᠤ ᠠᠬᠤᠶᠢᠯᠠᠯ ᠤᠳ ᠢ ᠱᠠᠩᠨᠠᠵᠤ ᠲᠣᠷᠭᠠᠬᠤ᠂ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠲᠥᠷᠥᠯ ᠵᠦᠢᠯ ᠤᠳ ᠢ ᠬᠥᠲᠥᠯᠦᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠬᠤᠭᠤᠴᠠᠭ᠎ᠠ ᠶᠣᠰᠣᠭᠠᠷ ᠪᠠᠶᠢᠭᠤᠯᠤᠨ ᠪᠦᠲᠦᠭᠡᠬᠦ ᠪᠠ ᠰᠠᠶᠢᠲᠤᠷ ᠠᠵᠢᠯᠯᠠᠭᠤᠯᠤᠨ᠎ᠠ᠃ ᠥᠪᠡᠰᠦᠪᠡᠨ ᠪᠠᠶᠢᠭᠤᠯᠬᠤ ᠪᠠᠷ ᠬᠤᠳᠠᠯᠳᠤᠨ ᠠᠪᠤᠭᠰᠠᠨ ᠡᠨᠧᠷᠭᠢ ᠬᠠᠳᠠᠭᠠᠯᠠᠬᠤ ᠪᠤᠶᠤ ᠣᠷᠭᠢᠯ ᠦᠶ᠎ᠡ ᠶᠢ ᠳᠣᠭᠢᠷᠠᠭᠤᠯᠬᠤ ᠴᠢᠳᠠᠪᠤᠷᠢ ᠳᠤ ᠳᠣᠭᠢᠷᠠᠭᠤᠯᠤᠨ ᠪᠠᠶᠢᠭᠤᠯᠬᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠳᠣᠭᠢᠷᠠᠭᠤᠯᠤᠨ ᠪᠠᠶᠢᠭᠤᠯᠬᠤ ᠡᠨᠧᠷᠭᠢ ᠬᠠᠳᠠᠭᠠᠯᠠᠬᠤ ᠬᠡᠪᠴᠢᠶ᠎ᠡ ᠶᠢ ᠵᠠᠷᠴᠢᠮ ᠳᠡᠭᠡᠷ᠎ᠡ ᠪᠠᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 15% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠡᠨᠧᠷᠭᠢ ᠬᠠᠳᠠᠭᠠᠯᠠᠬᠤ ᠴᠠᠭ ᠢ ᠨᠢ 4 ᠴᠠᠭ ᠠᠴᠠ ᠳᠡᠭᠡᠭᠰᠢ ᠪᠠᠶᠢᠯᠭᠠᠨ᠎ᠠ᠃ ᠪᠤᠰᠤᠳ ᠲᠥᠷᠥᠯ ᠤᠨ ᠵᠠᠬ᠎ᠠ ᠳᠡᠯᠭᠡᠭᠦᠷᠴᠢᠯᠡᠨ ᠰᠦᠯᠵᠢᠶᠡᠨ ᠳᠤ ᠣᠷᠣᠭᠤᠯᠤᠨ ᠪᠠᠭᠲᠠᠭᠠᠬᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠳᠣᠭᠢᠷᠠᠭᠤᠯᠤᠨ ᠪᠠᠶᠢᠭᠤᠯᠬᠤ ᠡᠨᠧᠷᠭᠢ ᠬᠠᠳᠠᠭᠠᠯᠠᠬᠤ ᠬᠡᠪᠴᠢᠶ᠎ᠡ ᠶᠢ ᠬᠠᠷᠠᠭᠠᠯᠵᠠᠭᠰᠠᠨ ᠬᠡᠷᠡᠭᠵᠢᠭᠦᠯᠦᠨ ᠬᠠᠮᠢᠶᠠᠷᠬᠤ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ ᠬᠡᠮᠡᠨ ᠲᠤᠰ ᠬᠡᠰᠡᠭ ᠲᠤ ᠳᠤᠷᠠᠳᠪᠠ᠃
      ︵ᠲᠠᠪᠤ︶ ᠠᠮᠤᠷ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ ᠬᠡᠰᠡᠭ᠃ ᠡᠭᠦᠨ ᠳᠤ ᠭᠤᠤᠯᠳᠠᠭᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠪᠠᠲᠤᠯᠠᠭ᠎ᠠ ᠶᠢᠨ ᠴᠠᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ᠂ ᠨᠥᠭᠡᠴᠡᠯᠡᠵᠦ ᠬᠠᠳᠠᠭᠠᠯᠠᠬᠤ ᠪᠥᠬᠦ ᠬᠤᠭᠤᠴᠠᠭᠠᠨ ᠳᠤ ᠲᠣᠭᠲᠠᠭᠤᠨ ᠢᠶᠠᠷ ᠠᠵᠢᠯᠯᠠᠭᠤᠯᠬᠤ ᠶᠢ ᠪᠠᠲᠤᠯᠠᠬᠤ᠂ ᠡᠨᠧᠷᠭᠢ ᠬᠠᠳᠠᠭᠠᠯᠠᠬᠤ ᠶᠢ ᠠᠮᠤᠷ ᠲᠦᠪᠰᠢᠨ ᠢᠶᠠᠷ ᠠᠵᠢᠯᠯᠠᠭᠤᠯᠬᠤ ᠬᠢᠷᠢ ᠲᠥᠪᠰᠢᠨ ᠢ ᠳᠡᠭᠡᠭᠰᠢᠯᠡᠭᠦᠯᠬᠦ ᠵᠡᠷᠭᠡ ᠭᠤᠷᠪᠠᠨ ᠬᠡᠰᠡᠭ ᠠᠭᠤᠯᠭ᠎ᠠ ᠶᠢ ᠪᠠᠭᠲᠠᠭᠠᠨ᠎ᠠ᠃
      ︵ᠵᠢᠷᠭᠤᠭ᠎ᠠ︶ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠳᠠᠶᠢᠴᠢᠯᠠᠬᠤ ᠬᠡᠰᠡᠭ᠃ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢ ᠠᠵᠤ ᠦᠢᠯᠡᠰ ᠤᠨ ᠬᠡᠯᠬᠢᠶ᠎ᠡ ᠲᠠᠢ ᠬᠠᠷᠢᠯᠴᠠᠨ ᠠᠭᠤᠰᠤᠯᠴᠠᠭᠤᠯᠵᠤ᠂ ᠳᠠᠭᠠᠭᠠᠴᠠ ᠪᠠᠷ ᠴᠠᠬᠢᠯᠭᠠᠨ ᠡᠭᠦᠰᠭᠡᠭᠴᠢ ᠶᠢ ᠳᠠᠶᠢᠴᠢᠯᠠᠬᠤ᠂ ᠰᠢᠨ᠎ᠡ ᠶᠢ ᠡᠭᠦᠳᠬᠦ ᠬᠡᠯᠬᠢᠶ᠎ᠡ ᠪᠠᠷ ᠠᠵᠤ ᠦᠢᠯᠡᠰ ᠤᠨ ᠬᠡᠯᠬᠢᠶ᠎ᠡ ᠶᠢ ᠳᠠᠶᠢᠴᠢᠯᠠᠬᠤ ᠣᠷᠴᠢᠯᠳᠤᠭᠤᠯᠤᠨ ᠬᠠᠷᠢᠯᠴᠠᠨ ᠠᠬᠢᠭᠤᠯᠬᠤ ᠵᠠᠭᠪᠤᠷ ᠢ ᠪᠦᠷᠢᠯᠳᠦᠭᠦᠯᠦᠨ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠦᠴᠦᠨ ᠢᠶᠠᠨ ᠲᠥᠪᠯᠡᠷᠡᠭᠦᠯᠦᠨ ᠨᠢᠭᠡᠲᠦᠯᠲᠡᠢ ᠲᠦᠯᠦᠪᠵᠢᠭᠦᠯᠦᠨ ᠠᠬᠢᠭᠤᠯᠵᠤ᠂ ︽ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ — ᠲᠣᠨᠤᠭ ᠲᠥᠬᠦᠭᠡᠷᠦᠮᠵᠢ ᠦᠢᠯᠡᠳᠬᠦ — ᠤᠭᠰᠠᠷᠠᠭ᠎ᠠ ᠲᠣᠨᠤᠭ ᠢ ᠢᠵᠢ ᠪᠥᠷᠢᠳᠦᠭᠦᠯᠬᠦ — ᠰᠠᠭᠤᠷᠢᠨ ᠭᠠᠵᠠᠷ ᠤᠨ ᠲᠤᠷᠰᠢᠯᠲᠠ — ᠪᠥᠭᠡᠮ ᠢᠶᠠᠷ ᠦᠢᠯᠡᠳᠪᠦᠷᠢᠯᠡᠬᠦ — ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠭᠤᠯᠬᠤ︾ ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ ᠢ ᠪᠣᠶ ᠪᠣᠯᠭᠠᠨ᠎ᠠ ᠭᠡᠵᠦ ᠲᠤᠰ ᠬᠡᠰᠡᠭ ᠲᠤ

ᠳᠤᠷᠠᠳᠴᠠᠢ᠃
      ︵ᠳᠣᠯᠤᠭ᠎ᠠ︶ ᠲᠤᠯᠭᠠᠭᠤᠷᠢᠯᠠᠬᠤ ᠲᠣᠭᠲᠠᠯᠴᠠᠭ᠎ᠠ ᠶᠢ ᠴᠢᠩᠭᠠᠳᠬᠠᠬᠤ ᠬᠡᠰᠡᠭ᠃ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠡᠬᠢ ᠰᠤᠷᠪᠤᠯᠵᠢ ᠵᠢᠴᠢ ᠰᠦᠯᠵᠢᠶᠡᠨ ᠳᠤ ᠣᠷᠣᠭᠤᠯᠬᠤ ᠬᠠᠮᠵᠢᠯᠴᠠᠭ᠎ᠠ ᠶᠢ ᠴᠢᠩᠭᠠᠳᠬᠠᠬᠤ ᠪᠠ ᠰᠢᠨ᠎ᠡ ᠡᠨᠧᠷᠭᠢ ᠶᠢ ᠰᠢᠩᠭᠡᠭᠡᠨ ᠪᠠᠭᠲᠠᠭᠠᠬᠤ ᠶᠢ ᠪᠠᠲᠤᠯᠠᠬᠤ ᠬᠡᠷᠡᠭᠲᠡᠶ ᠭᠡᠵᠦ ᠲᠤᠰ ᠬᠡᠰᠡᠭ ᠲᠤ ᠲᠣᠳᠣᠷᠬᠠᠶ ᠲᠣᠭᠲᠠᠭᠠᠪᠠ᠃
      ᠭᠤᠷᠪᠠ᠂ ︽ᠰᠠᠨᠠᠯ︾ ᠤᠨ ᠣᠨᠴᠠᠯᠢᠭᠲᠤ ᠭᠢᠯᠠᠰ ᠴᠡᠭ
      ︵ᠨᠢᠭᠡ︶ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠬᠦ ᠶᠠᠪᠤᠴᠠ ᠳᠠᠬᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠴᠢᠨᠠᠷ ᠰᠠᠶᠢᠲᠠᠶ ᠲᠣᠬᠢᠷᠠᠭᠤᠯᠬᠤ᠂ ᠴᠢᠨᠠᠷ ᠰᠠᠶᠢᠲᠠᠶ ᠪᠥᠲᠥᠭᠡᠨ ᠪᠠᠶᠢᠭᠤᠯᠬᠤ᠂ ᠴᠢᠨᠠᠷ ᠰᠠᠶᠢᠲᠠᠶ ᠠᠵᠢᠯᠯᠠᠭᠤᠯᠬᠤ᠂ ᠴᠢᠨᠠᠷ ᠰᠠᠶᠢᠲᠠᠶ ᠳᠠᠶᠢᠴᠢᠯᠠᠬᠤ ᠪᠠ ᠴᠢᠨᠠᠷ ᠰᠠᠶᠢᠲᠠᠶ ᠲᠤᠯᠭᠠᠭᠤᠷᠢᠯᠠᠬᠤ ᠲᠠᠪᠤᠨ ᠲᠠᠯ᠎ᠠ ᠠᠴᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ᠂ ᠵᠠᠰᠠᠭ ᠪᠠ ᠠᠵᠤ ᠠᠬᠤᠶᠢᠯᠠᠯ ᠬᠠᠮᠵᠢᠯᠴᠠᠬᠤ ᠪᠠᠷ ᠳᠠᠮᠵᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠥᠬᠦ ᠶᠠᠪᠤᠴᠠ ᠳᠠᠬᠢ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠨ᠎ᠡ᠃
      ︵ᠬᠤᠶᠠᠷ︶ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠢᠮ ᠤᠨ ᠪᠣᠷᠣ ᠲᠥᠰᠦᠪ ᠢ ᠪᠦᠷᠢᠨᠰᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠭᠤᠯᠭᠠᠭᠰᠠᠨ ᠰᠠᠨᠠᠯ ᠪᠠ ᠮᠡᠳᠡᠭᠳᠡᠯ ᠳᠠᠬᠢ ︽ᠬᠤᠤᠰ ᠬᠦᠷᠳᠦ ᠪᠠᠷ ᠬᠦᠳᠡᠯᠭᠡᠵᠦ᠂ ᠬᠤᠶᠠᠷ ᠲᠠᠯ᠎ᠠ ᠪᠠᠷ ᠬᠦᠴᠦᠯᠡᠬᠦ︾ ᠠᠵᠢᠯ ᠤᠨ ᠵᠠᠷᠴᠢᠮ ᠶᠣᠰᠣᠭᠠᠷ᠂ ᠵᠠᠰᠠᠭ ᠤᠨ ᠣᠷᠳᠣᠨ ᠤ ᠳᠠᠭᠠᠭᠤᠯᠭ᠎ᠠ ᠵᠢᠯᠤᠭᠤᠳᠤᠯᠭ᠎ᠠ ᠶᠢ ᠵᠠᠬ᠎ᠠ ᠳᠡᠯᠭᠡᠭᠦᠷ ᠤᠨ ᠲᠣᠭᠲᠠᠴᠠ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠳ ᠢ ᠰᠦᠯᠵᠢᠶᠡᠨ ᠳᠤ ᠣᠷᠣᠭᠤᠯᠬᠤ ᠲᠣᠭᠲᠠᠴᠠ ᠶᠢ ᠵᠠᠬ᠎ᠠ ᠳᠡᠯᠭᠡᠭᠦᠷᠴᠢᠯᠡᠨ ᠰᠦᠯᠵᠢᠶᠡᠨ ᠳᠤ ᠣᠷᠣᠭᠤᠯᠤᠨ ᠪᠠᠭᠲᠠᠭᠠᠬᠤ ᠪᠠ ᠪᠠᠲᠤᠯᠠᠭ᠎ᠠ ᠶᠢᠨ ᠴᠢᠨᠠᠷᠲᠠᠶ ᠪᠠᠷ ᠰᠦᠯᠵᠢᠶᠡᠨ ᠳᠤ ᠣᠷᠣᠭᠤᠯᠤᠨ ᠪᠠᠭᠲᠠᠭᠠᠬᠤ ᠭᠡᠵᠦ ᠬᠤᠶᠠᠷ ᠲᠥᠷᠥᠯ ᠳᠤ ᠬᠤᠪᠢᠶᠠᠨ᠎ᠠ᠃ ᠥᠪᠡᠷᠲᠡᠭᠡᠨ ᠵᠠᠰᠠᠬᠤ ᠣᠷᠣᠨ ︽1+N︾ ᠬᠠᠮᠢᠶᠠᠷᠤᠯᠲᠠ ᠶᠢᠨ ᠲᠣᠭᠲᠠᠴᠠ᠂ ᠳᠠᠷᠤᠢ 1 ᠲᠦᠰᠦᠪᠯᠡᠨ ᠵᠢᠯᠣᠭᠤᠳᠬᠤ ᠮᠠᠩᠯᠠᠢ ᠰᠠᠨᠠᠯ + N ︵ᠣᠯᠠᠨ︶ ᠲᠥᠷᠥᠯ ᠬᠤᠪᠢᠶᠠᠨ ᠬᠡᠷᠡᠭᠵᠢᠭᠦᠯᠬᠦ ᠬᠠᠮᠢᠶᠠᠷᠤᠯᠲᠠ ᠶᠢᠨ ᠠᠷᠭ᠎ᠠ ︵ᠵᠠᠬ᠎ᠠ ᠳᠡᠯᠭᠡᠭᠦᠷᠴᠢᠯᠡᠬᠦ ᠪᠠ ᠪᠠᠲᠤᠯᠠᠭ᠎ᠠ ᠶᠢᠨ ᠴᠢᠨᠠᠷᠲᠠᠶ ᠰᠦᠯᠵᠢᠶᠡᠨ ᠳᠤ ᠣᠷᠣᠭᠤᠯᠤᠨ ᠪᠠᠭᠲᠠᠭᠠᠬᠤ ᠡᠯ᠎ᠡ ᠲᠥᠷᠦᠯ ᠤᠨ ᠬᠠᠷᠠᠭᠠᠯᠵᠠᠭᠰᠠᠨ ᠲᠥᠷᠥᠯ ᠵᠦᠢᠯ︶ ᠶᠢᠨ ᠶᠣᠰᠣᠭᠠᠷ᠂ ᠪᠥᠬᠦ ᠣᠷᠣᠨ ᠤ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠳ ᠤᠨ ᠡᠬᠢ ᠪᠠᠶᠠᠯᠢᠭ ᠢ ᠳᠣᠭᠢᠷᠠᠭᠤᠯᠬᠤ ᠪᠠ ᠨᠡᠭᠡᠭᠡᠨ ᠠᠰᠢᠭᠯᠠᠵᠤ ᠪᠥᠲᠥᠭᠡᠨ ᠪᠠᠶᠢᠭᠤᠯᠬᠤ ᠶᠢ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ᠃
      ︵ᠭᠤᠷᠪᠠ︶ ᠶᠡᠷᠦᠩᠬᠡᠶ ᠲᠥᠯᠥᠪᠵᠢᠭᠦᠯᠭᠡ ᠶᠢᠨ ᠬᠥᠲᠥᠯᠦᠨ ᠳᠠᠭᠠᠭᠤᠯᠬᠤ ᠦᠢᠯᠡᠳᠦᠯ ᠢ ᠴᠢᠩᠭᠠᠷᠠᠭᠤᠯᠤᠨ᠎ᠠ᠃ ᠠᠶᠢᠮᠠᠭ ᠬᠤᠲᠠ ᠨᠤᠭᠤᠳ ᠰᠠᠯᠬᠢᠨ ᠡᠨᠧᠷᠭᠢ᠂ ᠨᠡᠷᠡᠨ ᠡᠨᠧᠷᠭᠢ ᠶᠢ ᠨᠡᠭᠡᠭᠡᠨ ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠲᠤᠭᠤᠷᠪᠢᠵᠤ᠂ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠥᠯᠦᠪᠵᠢᠭᠦᠯᠬᠦ᠂ ᠵᠦᠶ ᠵᠣᠬᠢᠰᠲᠠᠶ ᠪᠠᠶᠢᠷᠢᠰᠢᠭᠤᠯᠬᠤ᠂ ᠡᠮᠬᠢ ᠵᠢᠷᠤᠮ ᠲᠠᠢ ᠨᠡᠭᠡᠭᠡᠨ ᠬᠦᠭᠵᠢᠭᠦᠯᠬᠦ᠂ ᠬᠡᠪᠴᠢᠶᠡᠵᠢᠭᠦᠯᠦᠨ ᠠᠰᠢᠭᠯᠠᠬᠤ ᠶᠢ ᠠᠬᠢᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ︽ᠰᠠᠨᠠᠯ︾ ᠳᠤ ᠴᠢᠬᠤᠯᠠᠴᠢᠯᠠᠵᠠᠢ᠃ ᠡᠬᠢ ᠪᠠᠶᠠᠯᠢᠭ ᠢ ᠨᠡᠭᠡᠭᠡᠨ ᠠᠰᠢᠭᠯᠠᠬᠤ ᠨᠥᠬᠦᠴᠡᠯ᠂ ᠴᠠᠬᠢᠯᠭᠠᠨ ᠡᠭᠦᠰᠭᠡᠭᠴᠢ ᠶᠢ ᠭᠠᠳᠠᠭᠰᠢ ᠬᠦᠷᠭᠡᠬᠦ ᠵᠠᠮ ᠪᠠ ᠰᠢᠩᠭᠡᠭᠡᠨ ᠪᠠᠭᠲᠠᠭᠠᠬᠤ ᠣᠷᠣᠨ ᠵᠠᠶ ᠶᠢ ᠨᠢᠭᠡᠳᠦᠯᠲᠡᠶ ᠲᠦᠯᠦᠪᠵᠢᠭᠦᠯᠦᠨ᠂ ᠶᠡᠷᠦᠩᠬᠡᠶ ᠲᠥᠯᠥᠪᠵᠢᠭᠦᠯᠭᠡ ᠳᠤ ᠡᠯ᠎ᠡ ᠲᠣᠭᠤᠷᠢᠭ ᠤᠨ ᠨᠡᠭᠡᠭᠡᠨ ᠬᠥᠭᠵᠢᠭᠦᠯᠬᠦ ᠴᠠᠭ ᠤᠨ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠵᠤ᠂ ᠠᠯᠬᠤᠮ ᠬᠤᠪᠢᠶᠠᠨ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ