ᠦᠰᠦᠭ ᠪᠢᠴᠢᠭ ᠢᠶᠠᠷ ᠥᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/3/31

      ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠪᠦᠬᠦ ᠤᠯᠤᠰ ᠲᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠬᠠᠮᠤᠭ ᠤᠨ ᠲᠡᠷᠢᠭᠦᠨ ᠳᠤ  ᠪᠡᠶᠡᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠶᠢ ᠳᠠᠷᠤᠮᠠᠯᠯᠠᠨ ᠲᠠᠷᠬᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠭᠤᠣᠯᠳᠠᠯᠭ᠎ᠠ ᠲᠠᠢ ᠳᠡᠮᠵᠢᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠡᠯ᠎ᠡ ᠱᠠᠲᠤᠨ ᠤ ᠰᠠᠯᠠᠭ᠎ᠠ ᠮᠥᠴᠢᠷ᠂ ᠬᠠᠮᠢᠶ᠎ᠠ ᠪᠦᠬᠦᠢ ᠠᠵᠤ ᠠᠬᠤᠶᠢᠯᠠᠯ ᠤᠳ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠤᠰᠤᠳᠴᠢ ᠪᠠᠷ᠂ ᠭᠦᠨᠵᠡᠭᠡᠢ ᠣᠶᠢᠯᠠᠭᠠᠬᠤ ᠳᠤ ᠨᠢ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠪᠠᠷ ᠲᠠᠶᠢᠯᠪᠤᠷᠢᠯᠠᠪᠠ᠄

      ᠨᠢᠭᠡ᠂ ᠨᠡᠶᠢᠲᠡᠯᠡᠭᠰᠡᠨ ᠠᠬᠤᠢ ᠪᠠᠶᠢᠳᠠᠯ ᠬᠢᠭᠡᠳ ᠴᠢᠬᠤᠯᠠ ᠠᠴᠢ ᠬᠤᠯᠪᠣᠭᠳᠠᠯ

      ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠠᠷᠭᠠᠭᠰᠠᠨ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠶᠢᠵᠤ᠂ 2018 ᠣᠨ ᠠᠴᠠ ᠨᠠᠭᠠᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠬᠡᠷᠡᠭᠵᠢᠭᠦᠯᠦᠯᠲᠡ ᠶᠢᠨ ᠰᠠᠨᠠᠯ︾ ᠵᠡᠷᠭᠡ ᠰᠢᠷᠢᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠠᠵᠤ ᠦᠢᠯᠡᠰ ᠤᠨ ᠳᠡᠮᠵᠢᠯᠭᠡ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠤᠨ᠂ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢ ᠪᠥᠬᠦ ᠤᠯᠤᠰ ᠤᠨ ᠲᠡᠷᠢᠭᠦᠨ ᠪᠠᠶᠢᠷᠢᠨ ᠳᠤ ᠣᠷᠣᠭᠤᠯᠪᠠ᠂ ᠭᠡᠪᠡᠴᠦ ᠮᠠᠨ ᠤ ᠣᠷᠣᠨ ᠤ ᠰᠦ ᠰᠠᠭᠠᠯᠢ ᠶᠢᠨ ᠦᠢᠯᠡᠰ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠤᠤᠯ ᠤᠨ ᠪᠠᠶᠢᠭᠰᠠᠨ ᠲᠥᠷᠥ ᠶᠢᠨ ᠪᠣᠳᠣᠯᠭ᠎ᠠ ᠨᠢ ᠨᠢᠭᠡᠨᠲᠡ ᠰᠢᠨ᠎ᠡ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠳᠡᠶᠢᠯᠬᠦ ᠦᠭᠡᠢ ᠪᠣᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠳᠣᠬᠠᠨ ᠤ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠰᠤᠳᠤᠯᠤᠨ ᠵᠠᠳᠠᠯᠤᠭᠰᠠᠨ ᠰᠠᠭᠤᠷᠢᠨ ᠳᠡᠭᠡᠷ᠎ᠡ᠂ ᠣᠲᠣ ᠶᠢᠨ ᠲᠥᠷᠥ ᠶᠢᠨ ᠪᠣᠳᠣᠯᠭ᠎ᠠ ᠶᠢᠨ ᠦᠢᠯᠡᠳᠦᠯ ᠢᠶᠠᠨ ᠪᠠᠳᠠᠷᠠᠭᠤᠯᠵᠤ ᠪᠠᠶᠢᠬᠤ ᠶᠢ ᠨᠢ ᠬᠡᠪ ᠢᠶᠠᠷ ᠪᠠᠶᠢᠯᠭᠠᠬᠤ᠂ ᠬᠥᠷᠰᠢ ᠵᠡᠷᠭᠡᠯᠡᠳᠡᠭᠡ ᠮᠤᠵᠢ ᠣᠷᠣᠨ ᠠᠴᠠ ᠲᠣᠯᠢᠯᠠᠵᠤ ᠪᠣᠯᠬᠤ ᠲᠥᠷᠥ ᠶᠢᠨ ᠪᠣᠳᠣᠯᠭ᠎ᠠ ᠶᠢ ᠳᠠᠭᠠᠬᠤ᠂ ᠨᠥᠬᠦᠪᠦᠷᠢᠯᠡᠬᠦ ᠴᠢᠬᠤᠯᠠᠲᠠᠢ ᠲᠥᠷᠥ ᠶᠢᠨ ᠪᠣᠳᠣᠯᠭ᠎ᠠ ᠶᠢ ᠭᠦᠢᠴᠡᠳ ᠨᠥᠬᠦᠪᠦᠷᠢᠯᠡᠬᠦ ᠵᠠᠷᠴᠢᠮ ᠶᠣᠰᠣᠭᠠᠷ᠂ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠪᠥᠬᠦ ᠲᠠᠯ᠎ᠠ ᠪᠠᠷ ᠬᠥᠭᠵᠢᠨ ᠮᠠᠨᠳᠤᠬᠤ ᠶᠢ ᠠᠬᠢᠭᠤᠯᠪᠠ᠃

      ᠬᠤᠶᠠᠷ᠂ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ

      ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠶᠢᠰᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠤᠣᠯᠳᠠᠭᠤ ᠰᠦᠨ ᠤ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠰᠢᠮᠡᠯᠢᠭ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠰᠢᠯᠢᠳᠡᠭᠵᠢᠨ ᠬᠦᠴᠦᠷᠬᠡᠭᠵᠢᠬᠦ ᠶᠢ ᠳᠡᠮᠵᠢᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠭᠤᠯᠬᠤ ᠵᠡᠷᠭᠡ ᠲᠠᠯ᠎ᠠ ᠪᠠᠷ ᠭᠤᠣᠯᠯᠠᠭᠤᠯᠤᠨ ᠲᠣᠭᠲᠠᠭᠠᠪᠠ᠃ ᠡᠨᠡ ᠨᠢ ᠲᠤᠰ ᠲᠤᠰ᠄ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ ᠥᠭᠬᠦ᠂ ᠲᠤᠰᠬᠠᠢ ᠵᠦᠢᠯ ᠤᠨ ᠵᠢᠭᠡᠯᠡᠯᠭᠡ ᠪᠠᠷ ᠰᠢᠨ᠎ᠡ ᠪᠠᠷ ᠪᠠᠶᠢᠭᠤᠯᠤᠭᠰᠠᠨ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠬᠦᠷᠢᠶᠡᠯᠡᠩ ᠲᠣᠭᠤᠷᠢᠭ ᠲᠤ ᠳᠡᠮᠵᠢᠯᠭᠡ ᠦᠵᠡᠭᠦᠯᠬᠦ᠂ ᠬᠥᠲᠥᠴᠢ ᠠᠵᠤ ᠠᠬᠤᠶᠢᠯᠠᠯ ᠤᠨ ᠰᠢᠨ᠎ᠡ ᠰᠦ ᠡᠳ᠋ᠰᠢᠭᠦᠯᠬᠦ ᠬᠡᠮᠵᠢᠶ᠎ᠡ ᠪᠠᠨ ᠨᠡᠮᠡᠭᠳᠡᠭᠦᠯᠬᠦ ᠳᠤ ᠨᠥᠬᠦᠪᠦᠷᠢ ᠥᠭᠬᠦ᠂ ᠬᠥᠲᠥᠴᠢ ᠠᠵᠤ ᠠᠬᠤᠶᠢᠯᠠᠯ ᠤᠨ ᠰᠢᠨ᠎ᠡ ᠰᠦᠨ ᠤ ᠨᠤᠨᠳᠠᠭ ᠰᠡᠪᠰᠡᠯᠡᠬᠦ ᠶᠢ ᠠᠰᠢᠭᠯᠠᠬᠤ ᠳᠤ ᠨᠥᠬᠦᠪᠦᠷᠢ ᠥᠭᠬᠦ᠂ ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠥᠭᠬᠦ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠰᠡᠨ ᠴᠠᠷᠭᠠᠰᠤ ᠡᠪᠡᠰᠦ ᠳᠠᠷᠢᠬᠤ ᠠᠵᠤ ᠠᠬᠤᠶᠢᠯᠠᠯ ᠳᠤ ᠨᠥᠬᠦᠪᠦᠷᠢ ᠥᠭᠬᠦ᠂ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠲᠤᠰᠬᠠᠢ ᠪᠡᠯᠡ ᠮᠥᠩᠭᠦ ᠪᠠᠶᠢᠭᠤᠯᠬᠤ᠂ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠰᠠᠭᠤᠷᠢ ᠮᠥᠩᠭᠦ ᠶᠢ ᠪᠠᠶᠢᠭᠤᠯᠬᠤ ᠶᠠᠪᠤᠳᠠᠯ ᠪᠣᠯᠣᠨ᠎ᠠ᠃ ᠲᠥᠷᠥ ᠶᠢᠨ ᠪᠣᠳᠣᠯᠭ᠎ᠠ ᠶᠢ 4 ᠵᠢᠯ ︵2022 ᠣᠨ ︱ 2025 ᠣᠨ︶ ᠬᠡᠷᠡᠭᠵᠢᠭᠦᠯᠬᠦ ᠪᠠᠷ ᠪᠣᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠣᠨ ᠳᠤ ᠨᠡᠶᠢᠲᠡᠯᠡᠭᠰᠡᠨ ︽ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠢ ᠦᠷᠭᠦᠯᠵᠢᠯᠡᠨ ᠬᠡᠷᠡᠭᠵᠢᠭᠦᠯᠦᠨ᠎ᠡ᠃

      ᠭᠤᠷᠪᠠ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ

      ︵ᠨᠢᠭᠡ︶ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠳᠤ ᠨᠥᠬᠦᠪᠦᠷᠢ ᠥᠭᠭᠦᠨ᠎ᠡ᠃ ᠪᠥᠬᠦ ᠣᠷᠣᠨ ᠤ ᠲᠠᠪᠤᠨ ᠲᠣᠮᠣ ᠰᠦᠨ ᠤ ᠢᠷᠡᠯᠲᠡ ᠶᠢᠨ ᠰᠠᠭᠤᠷᠢᠨ ᠭᠠᠵᠠᠷ ᠪᠣᠯᠣᠨ 10 ᠲᠣᠮᠣ ᠰᠦ ᠰᠠᠭᠠᠯᠢ ᠶᠢᠨ ᠦᠢᠯᠡᠰ ᠤᠨ ᠰᠦᠷᠦᠭᠵᠢᠯ ᠢ ᠶᠠᠭ ᠲᠦᠷᠭᠡᠳᠬᠡᠨ ᠪᠠᠶᠢᠭᠤᠯᠵᠤ᠂ ᠢᠯᠢ᠂ ᠮᠧᠩ ᠨᠢᠦ ᠶᠢᠨ ᠪᠠᠶᠢᠷᠢᠰᠢᠭᠤᠯᠤᠭᠰᠠᠨ ᠡᠳ᠋ᠰᠢᠭᠦᠯᠬᠦ ᠰᠠᠭᠤᠷᠢᠨ ᠭᠠᠵᠠᠷ ᠢ ᠵᠠᠯᠭᠠᠭ᠎ᠠ ᠪᠠᠷ ᠠᠰᠢᠭᠯᠠᠯᠲᠠ ᠳᠤ ᠣᠷᠣᠭᠤᠯᠤᠭᠰᠠᠨ ᠪᠤᠶᠤ ᠠᠰᠢᠭᠯᠠᠯᠲᠠ ᠳᠤ ᠣᠷᠣᠭᠤᠯᠤᠮᠠᠷ ᠪᠠᠶᠢᠨ᠎ᠠ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠢᠯᠡᠳᠲᠡ ᠤᠳᠠᠭᠠᠰᠢᠷᠠᠵᠤ᠂ ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠬᠦᠷᠦᠯᠴᠡᠬᠦ ᠦᠭᠡᠢ ᠠᠴᠠ ᠪᠣᠯᠵᠤ ᠰᠠᠭᠠᠯᠢ ᠶᠢᠨ ᠠᠵᠤ ᠠᠬᠤᠶᠢᠯᠠᠯ ᠤᠨ ᠬᠡᠰᠡᠭ ᠦᠢᠯᠡᠳᠪᠦᠷᠢᠯᠡᠯ ᠤᠨ ᠴᠢᠳᠠᠪᠤᠷᠢ ᠶᠢ ᠰᠤᠯᠠ ᠲᠠᠯᠪᠢᠵᠤ ᠪᠠᠶᠢᠨ᠎ᠠ᠃ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢ ᠰᠢᠨ᠎ᠡ ᠪᠠᠷ ᠪᠠᠶᠢᠭᠤᠯᠬᠤ ᠪᠣᠯ ᠰᠠᠭᠠᠯᠢ ᠶᠢᠨ ᠦᠨᠢᠶᠡᠨ ᠤ ᠰᠦᠷᠦᠭᠵᠢᠯ ᠢᠶᠠᠨ ᠥᠷᠭᠡᠳᠬᠡᠨ ᠨᠡᠮᠡᠭᠳᠡᠭᠦᠯᠬᠦ ᠶᠢᠨ ᠰᠠᠭᠤᠷᠢ ᠨᠥᠬᠦᠴᠡᠯ ᠪᠣᠯᠬᠤ ᠪᠥᠭᠡᠳ ᠰᠠᠭᠠᠯᠢ ᠶᠢᠨ ᠢᠷᠡᠯᠲᠡ ᠶᠢᠨ ᠬᠠᠩᠭᠠᠯᠭ᠎ᠠ ᠶᠢ ᠨᠡᠮᠡᠭᠳᠡᠭᠦᠯᠬᠦ ᠭᠤᠣᠯ ᠠᠷᠭ᠎ᠠ ᠵᠠᠮ ᠪᠣᠯᠣᠨ᠎ᠠ᠃ ᠰᠢᠨ᠎ᠡ ᠪᠠᠷ ᠪᠠᠶᠢᠭᠤᠯᠤᠭᠰᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠨᠥᠬᠦᠪᠦᠷᠢ ᠥᠭᠬᠦ ᠨᠢ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠢᠳᠡᠪᠬᠢᠵᠢᠯ ᠢ ᠨᠢ ᠳᠠᠶᠢᠴᠢᠯᠠᠬᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ 2021 ᠣᠨ ᠠᠴᠠ ᠬᠤᠶᠢᠰᠢ ᠰᠢᠨ᠎ᠡ ᠪᠠᠷ ᠪᠠᠶᠢᠭᠤᠯᠤᠭᠰᠠᠨ 3000 ᠲᠣᠯᠣᠭᠠᠢ ᠰᠠᠭᠠᠯᠢ ᠶᠢᠨ ᠦᠨᠢᠶ᠎ᠡ ᠪᠠᠷ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ᠳᠤ 600 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠂ ᠠᠶᠢᠮᠠᠭ ᠬᠤᠲᠠ ᠨᠢ ᠥᠪᠡᠷᠲᠡᠭᠡᠨ ᠵᠠᠰᠠᠬᠤ ᠣᠷᠣᠨ ᠤ ᠨᠥᠬᠦᠪᠦᠷᠢ ᠶᠢᠨ ᠪᠡᠯᠡ ᠮᠥᠩᠭᠦ ᠶᠢᠨ 20% ᠪᠠᠷ ᠨᠡᠮᠡᠭᠳᠡᠭᠦᠯᠦᠨ ᠢᠵᠢ ᠪᠦᠷᠢᠳᠦᠭᠦᠯᠦᠨ᠎ᠡ᠃ ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠰᠠᠭᠤᠷᠢ ᠪᠡᠯᠡᠳᠬᠡᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢ 3 ᠳ᠋ᠦᠩᠰᠢᠭᠤᠷ ᠲᠥᠭᠦᠷᠢᠭ ᠢᠶᠠᠷ ᠪᠣᠳᠣᠪᠠᠯ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠨᠥᠬᠦᠪᠦᠷᠢ ᠨᠢ ᠰᠠᠭᠤᠷᠢ ᠪᠡᠯᠡᠳᠬᠡᠮᠵᠢ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 8% ᠣᠷᠴᠢᠮ ᠢ ᠡᠵᠡᠯᠡᠵᠦ᠂ ᠭᠤᠣᠯᠳᠠᠭᠤ ︽ᠭᠤᠷᠪᠠ ᠶᠢ ᠨᠠᠪᠲᠠᠷᠡᠭᠦᠯᠵᠦ ᠨᠢᠭᠡ ᠶᠢ ᠲᠡᠭᠰᠢᠯᠡᠬᠦ︾ ᠵᠠᠷᠤᠳᠠᠯ ᠳᠤ ᠬᠡᠷᠡᠭᠯᠡᠬᠦ ᠶᠢᠨ ᠬᠠᠮᠲᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠮᠲᠤ ᠳᠤ ᠨᠢ ᠬᠠᠷᠠᠭᠠᠯᠵᠠᠨ᠎ᠠ᠃

      ︵ᠬᠤᠶᠠᠷ︶ ᠲᠤᠰᠬᠠᠢ ᠵᠢᠭᠡᠯᠡᠯᠭᠡ ᠶᠢ ᠬᠡᠷᠡᠭᠯᠡᠨ ᠰᠦ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠰᠢᠨ᠎ᠡ ᠪᠠᠷ ᠪᠠᠶᠢᠭᠤᠯᠬᠤ ᠳᠤ ᠳᠡᠮᠵᠢᠯᠭᠡ ᠦᠵᠡᠭᠦᠯᠦᠨ᠎ᠡ᠃ ᠠᠵᠤ ᠠᠬᠤᠶᠢᠯᠠᠯ ᠤᠨ ᠥᠪᠡᠷᠲᠡᠭᠡᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠪᠡᠯᠡ ᠮᠥᠩᠭᠦ ᠶᠢᠨ ᠳᠠᠷᠤᠯᠲᠠ ᠶᠢ ᠪᠦᠲᠦᠮᠵᠢᠲᠡᠶ ᠬᠥᠩᠭᠡᠷᠡᠭᠦᠯᠦᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢ ᠠᠰᠢᠭᠯᠠᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠪᠠᠷ ᠭᠤᠣᠯ ᠠᠭᠤᠯᠭ᠎ᠠ ᠪᠣᠯᠭᠠᠭᠰᠠᠨ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠨᠢ ᠵᠣᠷᠢᠭᠵᠢᠭᠤᠯᠵᠤ᠂ ᠪᠠᠶᠢᠭᠤᠯᠤᠭᠰᠠᠨ ᠤ ᠳᠠᠷᠠᠭ᠎ᠠ ᠲᠦᠷᠢᠶᠡᠰᠦᠯᠡᠬᠦ ᠬᠡᠯᠪᠡᠷᠢ ᠪᠠᠷ ᠲᠦᠷᠢᠶᠡᠰᠦᠨ ᠮᠥᠩᠭᠦ ᠬᠤᠷᠢᠶᠠᠨ᠂ ᠲᠤᠰᠬᠠᠢ ᠵᠢᠭᠡᠯᠡᠯᠭᠡ ᠶᠢ ᠲᠥᠯᠥᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠲᠤᠰᠬᠠᠢ ᠵᠢᠭᠡᠯᠡᠯᠭᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠣᠷᠣᠨ ᠨᠤᠲᠤᠭ ᠤᠨ ᠵᠠᠰᠠᠭ ᠤᠨ ᠣᠷᠳᠣᠨ ᠤ ᠰᠢᠨ᠎ᠡ ᠪᠠᠷ ᠪᠠᠶᠢᠭᠤᠯᠤᠭᠰᠠᠨ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠳᠡᠮᠵᠢᠨ᠎ᠡ᠃

      ︵ᠭᠤᠷᠪᠠ︶ ᠬᠥᠲᠥᠴᠢ ᠠᠵᠤ ᠠᠬᠤᠶᠢᠯᠠᠯ ᠤᠨ ᠰᠢᠨ᠎ᠡ ᠰᠦ ᠡᠳ᠋ᠰᠢᠭᠦᠯᠬᠦ ᠬᠡᠮᠵᠢᠶ᠎ᠡ ᠪᠠᠨ ᠨᠡᠮᠡᠭᠳᠡᠭᠦᠯᠬᠦ ᠳᠤ ᠨᠥᠬᠦᠪᠦᠷᠢ ᠥᠭᠭᠦᠨ᠎ᠡ᠃ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠵᠠᠰᠠᠭ ᠤᠨ ᠣᠷᠳᠣᠨ ᠤ ᠰᠦᠨ ᠤ ᠢᠷᠡᠯᠲᠡ ᠶᠢᠨ ᠰᠠᠭᠤᠷᠢᠨ ᠭᠠᠵᠠᠷ ᠪᠠᠶᠢᠭᠤᠯᠬᠤ ᠢᠳᠡᠪᠬᠢᠵᠢᠯ ᠢ ᠨᠢ ᠭᠦᠢᠴᠡᠳ ᠳᠠᠶᠢᠴᠢᠯᠠᠵᠤ᠂ ᠰᠦᠨ ᠤ ᠢᠷᠡᠯᠲᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠲᠦᠷᠭᠡᠨ ᠰᠢᠢᠳᠪᠦᠷᠢᠯᠡᠬᠦ ᠶᠢᠨ ᠲᠤᠰᠠᠳᠠ᠂ ᠠᠵᠤ ᠠᠬᠤᠶᠢᠯᠠᠯ ᠤᠳ ᠤᠨ ᠰᠤᠯᠠ ᠪᠠᠶᠢᠭ᠎ᠠ ᠦᠢᠯᠡᠳᠪᠦᠷᠢᠯᠡᠬᠦ ᠴᠢᠳᠠᠪᠤᠷᠢ ᠪᠠᠨ ᠪᠦᠲᠦᠮᠵᠢᠲᠡᠶ ᠠᠰᠢᠭᠯᠠᠬᠤ ᠳᠤ ᠨᠢ ᠳᠡᠮᠵᠢᠯᠭᠡ ᠦᠵᠡᠭᠦᠯᠵᠦ᠂ ᠦᠢᠯᠡᠳᠬᠦᠨ ᠤ ᠥᠷᠲᠡᠭ ᠪᠣᠯᠣᠨ ᠭᠠᠶᠢᠯᠢ ᠲᠠᠲᠠᠪᠤᠷᠢ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠶᠢᠨ ᠡᠳ᠋ ᠤᠨ ᠵᠠᠰᠠᠭ ᠠᠴᠠ 2022 ᠣᠨ ᠠᠴᠠ ᠡᠬᠢᠯᠡᠨ᠂ ᠳᠡᠭᠡᠷ᠎ᠡ ᠨᠢᠭᠡ ᠵᠢᠯ ᠤᠨ ᠰᠢᠨ᠎ᠡ ᠰᠦ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠳᠡᠰ ᠤᠨ ᠴᠠᠭᠠᠨ ᠢᠳᠡᠭᠡᠨ ᠪᠣᠯᠪᠠᠰᠤᠷᠠᠭᠤᠯᠬᠤ ᠳᠠᠭᠠᠭᠤᠯᠤᠭᠴᠢ ᠠᠵᠤ ᠠᠬᠤᠶᠢᠯᠠᠯ ᠳᠤ 1 ᠲᠣᠨ ᠰᠢᠨ᠎ᠡ ᠰᠦ ᠪᠣᠯᠪᠠᠰᠤᠷᠠᠭᠤᠯᠬᠤ ᠬᠡᠮᠵᠢᠶ᠎ᠡ ᠨᠡᠮᠡᠭᠳᠡᠬᠦ ᠪᠦᠷᠢ 200 ᠲᠥᠭᠦᠷᠢᠭ ᠤᠨ ᠨᠥᠬᠦᠪᠦᠷᠢ ᠥᠭᠴᠦ ᠰᠠᠭᠠᠯᠢ ᠶᠢᠨ ᠢᠷᠡᠯᠲᠡ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠭᠦᠯᠵᠦ᠂ ᠨᠥᠬᠦᠪᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠨᠤᠭᠤᠳ ᠲᠤᠰ ᠲᠤᠰ 50% ᠶᠢ ᠡᠭᠦᠷᠭᠡᠯᠡᠨ᠎ᠡ᠃

      ︵ᠳᠥᠷᠪᠡ︶ ᠳᠠᠭᠠᠭᠤᠯᠤᠭᠴᠢ ᠠᠵᠤ ᠠᠬᠤᠶᠢᠯᠠᠯ ᠤᠨ ᠰᠢᠨ᠎ᠡ ᠰᠦ ᠶᠢ ᠠᠰᠢᠭᠯᠠᠨ ᠨᠤᠨᠳᠠᠭ ᠰᠡᠪᠰᠡᠯᠡᠬᠦ ᠳᠤ ᠨᠥᠬᠦᠪᠦᠷᠢ ᠥᠭᠭᠦᠨ᠎ᠡ᠃ ᠵᠢᠯ ᠪᠦᠷᠢ ᠶᠢᠨ      3 — 5 ᠳ᠋ᠤᠭᠠᠷ ᠰᠠᠷ᠎ᠠ ᠪᠣᠯ ᠴᠠᠭᠠᠨ ᠢᠳᠡᠭᠡᠨ ᠤ ᠪᠣᠷᠤᠯᠠᠭᠤᠯᠭ᠎ᠠ ᠠᠨᠠᠢ ᠤᠯᠠᠷᠢᠯ ᠪᠣᠯᠬᠤᠷ ᠱᠠᠲᠤ ᠦᠶ᠎ᠡ ᠶᠢᠨ ᠴᠢᠨᠠᠷᠲᠠᠢ ᠲᠦᠭᠦᠬᠡᠢ ᠰᠦ ᠶᠢᠨ ᠬᠠᠩᠭᠠᠯᠭ᠎ᠠ ᠦᠯᠡᠭᠦᠳᠡᠬᠦ ᠠᠰᠠᠭᠤᠳᠠᠯ ᠭᠠᠷᠴᠤ᠂ ᠲᠣᠮᠣ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠤᠳ ᠨᠡᠶᠢᠳᠡᠮ ᠳᠤ ᠪᠠᠨ ᠨᠤᠨᠳᠠᠭ ᠰᠡᠪᠰᠡᠯᠡᠬᠦ ᠠᠷᠭ᠎ᠠ ᠪᠠᠷ ᠲᠡᠵᠢᠭᠡᠨ ᠦᠷᠡᠵᠢᠭᠦᠯᠬᠦ ᠡᠷᠦᠬᠡ ᠶᠢᠨ ᠰᠦ ᠲᠤᠰᠢᠶᠠᠬᠤ ᠠᠰᠠᠭᠤᠳᠠᠯ ᠢ ᠰᠢᠢᠳᠪᠦᠷᠢᠯᠡᠳᠡᠭ᠃ ᠨᠤᠨᠳᠠᠭ ᠰᠡᠪᠰᠡᠯᠡᠬᠦ ᠨᠢ ᠠᠵᠤ ᠠᠬᠤᠶᠢᠯᠠᠯ ᠳᠤ ᠬᠤᠬᠢᠷᠠᠯ ᠤᠴᠠᠷᠠᠭᠤᠯᠤᠨ᠎ᠠ᠂ ᠲᠡᠵᠢᠭᠡᠨ ᠦᠷᠡᠵᠢᠭᠦᠯᠬᠦ ᠡᠷᠥᠭᠡ ᠶᠢᠨ ᠠᠰᠢᠭ ᠲᠤᠰᠠ ᠶᠢ ᠬᠠᠮᠠᠭᠠᠯᠠᠵᠤ᠂ ᠠᠵᠤ ᠠᠬᠤᠶᠢᠯᠠᠯ ᠤᠨ ᠬᠤᠬᠢᠷᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠶᠢᠨ ᠡᠳ᠋ ᠤᠨ ᠵᠠᠰᠠᠭ 2022 ᠣᠨ ᠠᠴᠠ ᠡᠬᠢᠯᠡᠨ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠳᠡᠰ ᠤᠨ ᠴᠠᠭᠠᠨ ᠢᠳᠡᠭᠡᠨ ᠪᠣᠯᠪᠠᠰᠤᠷᠠᠭᠤᠯᠬᠤ ᠬᠥᠲᠥᠴᠢ ᠠᠵᠤ ᠠᠬᠤᠶᠢᠯᠠᠯ ᠤᠨ ᠰᠢᠨ᠎ᠡ ᠰᠦ ᠬᠤᠳᠠᠯᠳᠤᠨ ᠠᠪᠴᠤ ᠨᠤᠨᠳᠠᠭ ᠰᠡᠪᠰᠡᠯᠡᠬᠦ ᠳᠤ ᠨᠢ ᠨᠥᠬᠦᠪᠦᠷᠢ ᠥᠭᠴᠦ᠂ ᠰᠢᠨ᠎ᠡ ᠰᠦ ᠬᠤᠳᠠᠯᠳᠤᠨ ᠠᠪᠤᠭᠰᠠᠨ ᠬᠡᠮᠵᠢᠶ᠎ᠡ ᠶᠢᠨ 10% ᠪᠠᠷ ᠨᠥᠬᠦᠪᠦᠷᠢ ᠥᠭᠴᠦ᠂ ᠲᠣᠨ ᠪᠦᠷᠢ ᠳᠤ 800 ᠲᠥᠭᠦᠷᠢᠭ ᠨᠥᠬᠦᠪᠦᠷᠢᠯᠡᠵᠦ᠂ ᠨᠥᠬᠦᠪᠦᠷᠢ ᠶᠢᠨ ᠬᠠᠷᠢᠴᠠᠯ ᠢ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠳᠠ ᠲᠤᠰ ᠲᠤᠰ 50% ᠪᠠᠷ ᠡᠭᠦᠷᠭᠡᠯᠡᠨ᠎ᠡ᠃

      ︵ᠲᠠᠪᠤ︶ ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠣᠯᠭᠤᠨ᠎ᠠ᠃ ᠪᠡᠯᠭᠡ ᠡᠵᠡᠮᠰᠢᠯᠲᠦ ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ ᠶᠢ ᠪᠣᠶᠢᠵᠢᠭᠤᠯᠪᠠᠯ ᠪᠡᠶ᠎ᠡ ᠪᠠᠨ ᠳᠠᠭᠠᠭᠠᠭᠰᠠᠨ ᠡᠭᠦᠯᠳᠡᠷ ᠢ ᠪᠣᠶᠢᠵᠢᠭᠤᠯᠵᠤ ᠪᠣᠯᠬᠤ ᠮᠥᠷᠲᠡᠭᠡᠨ ᠪᠠᠰᠠ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶᠡᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠨᠠᠮᠳᠠᠭᠤᠯᠵᠤ ᠪᠣᠯᠣᠨ᠎ᠠ᠃ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠪᠣᠯ ᠪᠡᠯᠭᠡ ᠡᠵᠡᠮᠰᠢᠯᠲᠦ ᠢᠴᠡᠭᠡᠯ ᠦᠷ᠎ᠡ ᠶᠢ ᠬᠡᠷᠡᠭᠯᠡᠬᠦ ᠳᠤ 120 ᠲᠥᠭᠦᠷᠢᠭ ᠤᠨ ᠨᠥᠬᠦᠪᠦᠷᠢ ᠥᠭᠴᠦ ᠪᠣᠢ᠂ ᠭᠡᠪᠡᠴᠦ ᠠᠷᠭ᠎ᠠ ᠮᠠᠶ᠋ᠢᠭ ᠨᠢ ᠲᠠᠩ ᠴᠤᠯᠭᠤᠢ᠂ ᠬᠡᠪᠴᠢᠶ᠎ᠡ ᠨᠢ ᠬᠢᠵᠠᠭᠠᠷ ᠲᠠᠢ ᠪᠣᠯᠬᠤᠷ ᠣᠲᠣ ᠶᠢᠨ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ ᠪᠠᠶᠢᠨ᠎ᠠ᠃ ᠡᠶᠢᠮᠦ ᠠᠴᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠡᠵᠢᠭᠡᠨ ᠦᠷᠡᠵᠢᠭᠦᠯᠬᠦ ᠲᠠᠯᠠᠪᠠᠶ ᠶᠢᠨ ᠦᠷᠡᠵᠢᠵᠦ ᠳᠡᠶᠢᠯᠬᠦ ᠡᠬᠡ ᠮᠠᠯ ᠤᠨ ᠪᠡᠯᠭᠡ ᠶᠢᠨ ᠡᠵᠡᠮᠳᠡᠯ ᠤᠨ ᠬᠦᠪᠦᠷᠡᠯ ᠢ ᠠᠰᠢᠭᠯᠠᠨ ᠰᠦ ᠰᠠᠶᠢᠲᠠᠢ ᠰᠠᠭᠠᠯᠢ ᠶᠢᠨ ᠦᠨᠢᠶ᠎ᠡ ᠪᠣᠶᠢᠵᠢᠭᠤᠯᠬᠤ ᠳᠤ ᠨᠥᠬᠦᠪᠦᠷᠢ ᠥᠭᠴᠦ᠂ ᠬᠡᠷᠡᠭᠯᠡᠵᠦ ᠪᠠᠶᠢᠭ᠎ᠠ ᠤᠯᠤᠰ ᠲᠠᠭᠠᠨ ᠦᠢᠯᠡᠳᠪᠦᠷᠢᠯᠡᠭᠰᠡᠨ ᠪᠠ ᠭᠠᠳᠠᠭᠠᠳᠤ ᠠᠴᠠ ᠣᠷᠣᠭᠤᠯᠤᠭᠰᠠᠨ ᠪᠡᠯᠭᠡ ᠶᠢᠨ ᠡᠵᠡᠮᠳᠡᠯ ᠤᠨ ᠬᠦᠪᠦᠷᠡᠯ ᠳᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ 50% ᠪᠠᠷ ᠨᠥᠬᠦᠪᠦᠷᠢ ᠥᠭᠭᠦᠨ᠎ᠡ᠃

      ︵ᠵᠢᠷᠭᠤᠭ᠎ᠠ︶ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠭᠦᠯᠦᠭᠰᠡᠨ ᠴᠠᠷᠭᠠᠰᠤ ᠶᠢᠨ ᠲᠠᠷᠢᠮᠠᠯ ᠳᠤ ᠨᠥᠬᠦᠪᠦᠷᠢ ᠥᠭᠭᠦᠨ᠎ᠡ᠃ ᠴᠠᠷᠭᠠᠰᠤ ᠶᠢᠨ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠨᠢ ᠰᠦ ᠰᠠᠭᠠᠯᠢ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠢᠵᠠᠭᠠᠷᠯᠠᠵᠤ ᠪᠠᠶᠢᠭ᠎ᠠ ᠬᠦᠴᠦᠨ ᠵᠦᠢᠯ ᠪᠣᠯᠣᠭᠰᠠᠭᠠᠷ ᠢᠷᠡᠵᠡᠶ᠃ ᠪᠥᠬᠦ ᠣᠷᠣᠨ ᠤ ᠴᠠᠷᠭᠠᠰᠤ ᠶᠢᠨ ᠬᠠᠩᠭᠠᠯᠭ᠎ᠠ ᠵᠥᠪᠬᠡᠨ 40% ᠶᠢᠨ ᠬᠡᠷᠡᠭᠴᠡᠭᠡ ᠶᠢ ᠬᠠᠩᠭᠠᠵᠤ᠂ ᠬᠦᠷᠦᠯᠴᠡᠬᠦ ᠦᠭᠡᠢ ᠬᠡᠰᠡᠭ ᠢ ᠣᠷᠳᠣ ᠬᠤᠭᠤᠴᠠᠭ᠎ᠠ ᠪᠠᠷ ᠭᠠᠳᠠᠭᠠᠳᠤ ᠠᠴᠠ ᠣᠷᠣᠭᠤᠯᠬᠤ ᠴᠢᠬᠤᠯᠠᠲᠠᠢ ᠪᠠᠶᠢᠨ᠎ᠠ᠃ 2022 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠰᠢᠨ᠎ᠡ ᠪᠠᠷ ᠨᠡᠮᠡᠭᠳᠡᠭᠰᠡᠨ ᠲᠥᠪᠯᠡᠷᠡᠨ ᠵᠠᠯᠭᠠᠯᠳᠤᠭᠰᠠᠨ ᠪᠠᠷᠢᠮᠵᠢᠶᠠᠵᠢᠭᠤᠯᠤᠨ ᠳᠠᠷᠢᠬᠤ 500 ᠮᠦ ᠠᠴᠠ ᠳᠡᠭᠡᠭᠰᠢᠬᠢ ᠴᠠᠷᠭᠠᠰᠤ ᠳᠠᠷᠢᠬᠤ ᠠᠵᠤ ᠠᠬᠤᠶᠢᠯᠠᠯ ︵ᠬᠤᠷᠰᠢᠶ᠎ᠠ᠂ ᠳᠠᠷᠢᠬᠤ ᠡᠷᠦᠬᠡ︶ ᠳᠤ ᠨᠥᠬᠦᠪᠦᠷᠢ ᠥᠭᠴᠦ᠂ 500 ᠮᠦ ᠪᠠᠷ ᠨᠢᠭᠡ ᠨᠢᠭᠡᠴᠢ ᠪᠣᠯᠭᠠᠵᠤ᠂ ᠨᠢᠭᠡ ᠤᠳᠠᠭ᠎ᠠ ᠶᠢᠨ ᠴᠢᠨᠠᠷᠲᠠᠢ ᠪᠠᠷ 5 ᠲᠦᠮᠡᠨ ᠲᠥᠭᠦᠷᠢᠭ ᠤᠨ ᠨᠥᠬᠦᠪᠦᠷᠢ ᠥᠭᠪᠡᠯ ᠴᠠᠷᠭᠠᠰᠤ ᠳᠠᠷᠢᠬᠤ ᠲᠠᠯᠠᠪᠠᠶ ᠶᠢ ᠪᠦᠲᠦᠮᠵᠢᠲᠡᠶ ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠲᠠᠯᠠᠪᠠᠶ ᠳᠣᠲᠣᠷᠠᠬᠢ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠨᠡᠮᠡᠭᠳᠡᠭᠦᠯᠵᠦ ᠪᠣᠯᠣᠨ᠎ᠠ᠃

      ︵ᠲᠤᠯᠤᠭ᠎ᠠ︶ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠲᠤᠰᠬᠠᠢ ᠪᠡᠯᠡ ᠮᠥᠩᠭᠦ ᠪᠠᠶᠢᠭᠤᠯᠤᠨ᠎ᠠ᠃ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠨᠢ ᠰᠦ ᠰᠠᠭᠠᠯᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠦᠨᠳᠦ ᠨᠣᠴᠢᠲᠠᠢ ᠨᠥᠯᠥᠭᠡᠯᠡᠵᠦ ᠪᠠᠶᠢᠬᠤ ᠪᠣᠯᠬᠤᠷ᠂ ᠥᠪᠡᠷᠲᠡᠭᠡᠨ ᠵᠠᠰᠠᠬᠤ ᠣᠷᠣᠨ ᠤ ᠬᠢᠵᠢᠭ ᠢ ᠰᠡᠷᠭᠡᠶᠢᠯᠡᠬᠦ ᠮᠡᠷᠭᠡᠵᠢᠯ ᠤᠨ ᠰᠢᠪᠲᠤᠯᠤᠯᠲᠠ ᠶᠢ ᠳᠡᠯᠭᠡᠷᠡᠭᠦᠯᠬᠦ ᠲᠣᠭᠲᠠᠯᠴᠠᠭ᠎ᠠ ᠶᠢ ᠪᠠᠶᠢᠭᠤᠯᠪᠠᠯ᠂ ᠰᠠᠭᠠᠯᠢ ᠶᠢᠨ ᠦᠨᠢᠶᠡᠨ ᠤ ᠬᠢᠵᠢᠭ ᠡᠪᠡᠳᠴᠢᠨ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂ ᠰᠠᠭᠠᠯᠢ ᠶᠢᠨ ᠦᠨᠢᠶᠡᠨ ᠤ ᠰᠢᠭᠰᠢᠭᠳᠡᠬᠦ ᠨᠤᠷᠮ᠎ᠠ ᠶᠢ ᠪᠠᠭᠠᠰᠬᠠᠵᠤ ᠪᠣᠯᠣᠨ᠎ᠠ᠃ ᠥᠪᠡᠷᠲᠡᠭᠡᠨ ᠵᠠᠰᠠᠬᠤ ᠣᠷᠣᠨ 5000 ᠲᠦᠮᠡᠨ ᠲᠥᠭᠦᠷᠢᠭ ᠤᠨ ᠰᠠᠭᠠᠯᠢ ᠶᠢᠨ ᠦᠨᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠲᠤᠰᠬᠠᠢ ᠪᠡᠯᠡ ᠮᠥᠩᠭᠦ ᠪᠠᠶᠢᠭᠤᠯᠵᠤ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠡᠬᠢ ᠪᠠᠶᠠᠯᠢᠭ ᠪᠠ ᠮᠡᠷᠭᠡᠵᠢᠯ ᠤᠨ ᠳᠠᠪᠠᠭᠤᠯᠢᠭ ᠲᠤ ᠲᠦᠰᠢᠭᠯᠡᠨ᠂ ᠭᠤᠣᠯᠳᠠᠭᠤ ᠰᠠᠭᠠᠯᠢ ᠶᠢᠨ ᠦᠨᠢᠶᠡᠨ ᠤ ᠪᠷᠦ᠋ᠼᠧᠯ ᠡᠪᠡᠳᠴᠢᠨ ᠵᠡᠷᠭᠡ ᠬᠢᠵᠢᠭ ᠡᠪᠡᠳᠴᠢᠨ ᠤ ᠸᠠᠺᠼᠢᠨ ᠤ ᠰᠢᠨ᠎ᠡ ᠶᠢ ᠡᠭᠦᠳᠬᠦ ᠰᠤᠳᠤᠯᠤᠯ᠂ ᠪᠷᠦ᠋ᠼᠧᠯ ᠡᠪᠡᠳᠴᠢᠨ᠂ ᠰᠦᠷᠢᠶ᠎ᠡ ᠵᠡᠷᠭᠡ ᠬᠥᠮᠥᠨ ᠮᠠᠯ ᠳᠤ ᠬᠠᠮᠲᠤ ᠲᠤᠰᠳᠠᠭ ᠡᠪᠡᠳᠴᠢᠨ ᠢ ᠲᠦᠷᠭᠡᠨ ᠬᠢᠨᠠᠨ ᠰᠢᠨᠵᠢᠯᠡᠬᠦ᠂ ᠣᠨᠣᠰᠢᠯᠠᠬᠤ᠂ ᠴᠡᠪᠡᠷᠰᠢᠭᠦᠯᠬᠦ ᠮᠡᠷᠭᠡᠵᠢᠯ ᠤᠨ ᠰᠤᠳᠤᠯᠤᠯ ᠪᠠ ᠳᠡᠯᠭᠡᠷᠡᠭᠦᠯᠦᠨ ᠬᠡᠷᠡᠭᠯᠡᠬᠦ᠂ ᠰᠠᠭᠠᠯᠢ ᠶᠢᠨ ᠦᠨᠢᠶᠡᠨ ᠤ ᠬᠥᠬᠦᠨ ᠤ ᠦᠷᠪᠢᠰᠦᠯ ᠵᠡᠷᠭᠡ ᠦᠷᠡᠵᠢᠯ ᠤᠨ ᠰᠢᠰᠲ᠋ᠧᠮ ᠤᠨ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠰᠣᠯᠢᠯᠴᠠᠭ᠎ᠠ ᠶᠢᠨ ᠡᠪᠡᠳᠴᠢᠨ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠵᠡᠷᠭᠡ ᠲᠤᠰᠬᠠᠢ ᠦᠢᠯᠡᠴᠢᠯᠡᠭᠡᠨ ᠳᠤ ᠬᠡᠷᠡᠭᠯᠡᠨ᠎ᠡ᠃

      ︵ᠨᠠᠢᠮᠠ︶ ᠰᠦ ᠰᠠᠭᠠᠯᠢ ᠶᠢᠨ ᠦᠢᠯᠡᠰ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠳᠤ ᠳᠡᠮᠵᠢᠯᠭᠡ ᠦᠵᠡᠭᠦᠯᠦᠨ᠎ᠡ᠃ ᠰᠦ ᠰᠠᠭᠠᠯᠢ ᠶᠢᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠦᠢᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠠᠭᠤᠷᠢ ᠴᠢᠨᠠᠷᠲᠠᠢ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠵᠢᠯ ᠪᠦᠷᠢ 1 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠤ᠂ ᠭᠤᠣᠯᠳᠠᠭᠤ ᠲᠠᠪᠴᠠᠩ ᠤᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠭᠤᠣᠯᠳᠠᠯᠭ᠎ᠠ ᠲᠠᠢ ᠰᠡᠳᠦᠪ ᠤᠨ ᠰᠢᠪᠲᠤᠯᠤᠯᠲᠠ ᠳᠤ ᠬᠡᠷᠡᠭᠯᠡᠨ᠎ᠡ᠃ ᠴᠢᠬᠤᠯᠠ ᠶᠡᠭᠡ ᠰᠡᠳᠦᠪ ᠢ ᠰᠤᠳᠤᠯᠬᠤ ᠳᠤ ᠲᠠᠬᠢᠭᠠᠳ ︽ᠨᠢᠭᠡ ᠬᠡᠷᠡᠭ ᠢ ᠨᠢᠭᠡ ᠵᠥᠪᠯᠡᠬᠦ︾ ᠶᠢ ᠬᠡᠷᠡᠭᠵᠢᠭᠦᠯᠦᠨ᠎ᠡ᠃

      ︵ᠶᠢᠰᠦ︶ ᠰᠦ ᠰᠠᠭᠠᠯᠢ ᠶᠢᠨ ᠦᠢᠯᠡᠰ ᠢ ᠬᠥᠭᠵᠢᠭᠦᠯᠬᠦ ᠰᠠᠭᠤᠷᠢ ᠮᠥᠩᠭᠦ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢᠨ ᠳᠣᠣᠷ᠎ᠠ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠᠶᠢᠭᠤᠯᠵᠤ᠂ ᠰᠠᠭᠤᠷᠢ ᠮᠥᠩᠭᠦ ᠶᠢᠨ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠰ ᠤᠨ ᠬᠡᠯᠬᠢᠶ᠎ᠡ ︵ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ᠂ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠰᠦᠨ ᠤ ᠢᠷᠡᠯᠲᠡ ᠶᠢᠨ ᠰᠠᠭᠤᠷᠢᠨ ᠭᠠᠵᠠᠷ᠂ ᠡᠳ᠋ᠰᠢᠭᠦᠯᠬᠦ ᠠᠵᠤ ᠠᠬᠤᠶᠢᠯᠠᠯ᠂ ᠦᠢᠯᠡᠳᠬᠦᠨ ᠤ ᠦᠢᠯᠡᠳᠪᠦᠷᠢᠯᠡᠯ᠂ ᠪᠣᠷᠤᠯᠠᠭᠤᠯᠭ᠎ᠠ ᠶᠢᠨ ᠭᠦᠢᠯᠭᠡᠭᠡ︶ ᠳᠡᠭᠡᠷ᠎ᠡ ᠪᠠᠶᠢᠭ᠎ᠠ ᠴᠢᠨᠠᠷᠯᠢᠭ ᠬᠥᠲᠥᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠮᠵᠢᠵᠦ᠂ ᠠᠵᠤ ᠠᠬᠤᠶᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠨᠢ ᠲᠤᠯᠭᠠᠷᠠᠭᠰᠠᠨ ᠪᠡᠯᠡ ᠮᠥᠩᠭᠦ ᠳᠤᠲᠠᠭᠳᠠᠬᠤ ᠠᠰᠠᠭᠤᠳᠠᠯ ᠢ ᠰᠢᠢᠳᠪᠦᠷᠢᠯᠡᠨ᠎ᠡ᠃

      ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ᠂ ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ ᠬᠡᠷᠡᠭᠵᠢᠭᠦᠯᠦᠨ᠎ᠡ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠪᠡᠯᠡ ᠮᠥᠩᠭᠦ ᠶᠢᠨ ᠬᠠᠮᠢᠶᠠᠷᠤᠯᠲᠠ ᠪᠠ ᠰᠢᠯᠭᠠᠨ ᠬᠤᠷᠢᠶᠠᠵᠤ ᠰᠢᠯᠭᠠᠨ ᠬᠢᠨᠠᠬᠤ ᠪᠣᠳᠠᠲᠠᠢ ᠠᠷᠭ᠎ᠠ ᠶᠢ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ  ᠪᠠᠲᠤᠯᠠᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ