ᠦᠬᠠᠢ ᠬᠤᠲᠠ ᠶᠢᠨ ᠠᠰᠠᠷᠠᠮᠵᠢ ᠶᠢᠨ ᠦᠢᠯᠡᠴᠢᠯᠡᠭᠡ ᠨᠢ ᠨᠠᠰᠤᠲᠠᠶᠢᠴᠤᠳ ᠤᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/3/31

      ᠦᠬᠠᠢ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠲᠥᠪ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠦ᠂ ︽ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠤᠯᠤᠭᠰᠠᠨ᠂ ᠦᠪᠡᠷᠮᠢᠴᠡ︾ ᠦᠢᠯᠡᠴᠢᠯᠡᠭᠡ ᠪᠠᠷ ᠠᠰᠠᠷᠠᠨ ᠰᠤᠪᠢᠯᠠᠵᠤ ᠪᠠᠶᠢᠭ᠎ᠠ ᠨᠠᠰᠤᠲᠠᠳ ᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠶᠢ ᠰᠦᠪᠡᠭᠴᠢᠯᠡᠪᠡ᠃
      ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠶᠢ ᠰᠢᠨᠵᠢᠯᠡᠬᠦ ᠤᠬᠠᠭᠠᠨᠴᠢᠯᠠᠪᠠ᠃ ᠶᠡᠷᠦᠩᠬᠡᠢ ᠰᠠᠯᠠᠭᠠᠨ ᠤ ᠡᠮᠴᠢ ᠨᠠᠷ ᠨᠠᠰᠤᠲᠠᠳ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠠᠰᠤᠲᠠᠳ ᠤᠨ ᠬᠥᠯ ᠨᠢᠷᠤᠭᠤ ᠡᠪᠡᠳᠬᠦ᠂ ᠰᠡᠭᠦᠵᠢ᠂ ᠡᠪᠦᠳᠦᠭ ᠤᠨ ᠦᠶ᠎ᠡ ᠶᠢᠨ ᠮᠡᠰᠡ ᠵᠠᠰᠠᠯ ᠤᠨ ᠳᠠᠷᠠᠭᠠᠬᠢ ᠰᠤᠪᠢᠯᠠᠯᠲᠠ ᠶᠢᠨ ᠠᠰᠠᠭᠤᠳᠠᠯ ᠤᠨ ᠲᠣᠭᠤᠷᠢᠨ ᠳᠤ᠂ ᠠᠰᠠᠷᠠᠭᠴᠢ ᠳᠤ ᠡᠮᠴᠢᠯᠡᠭᠡᠨ ᠤ ᠵᠢᠯᠣᠭᠤᠳᠤᠯᠭ᠎ᠠ ᠬᠢᠵᠦ᠂ ᠠᠮᠢᠳᠤᠷᠠᠯ ᠤᠨ ᠳᠤᠮᠳᠠᠬᠢ ᠬᠡᠷᠡᠭ ᠤᠨ ᠵᠢᠱᠢᠶ᠎ᠡ ᠶᠢ ᠵᠢᠭᠰᠠᠭᠠᠨ ᠲᠣᠭᠠᠴᠠᠬᠤ ᠪᠠᠷ ᠳᠠᠮᠵᠢᠭᠤᠯᠤᠨ ᠲᠠᠶᠢᠯᠤᠮᠵᠢ ᠬᠢᠵᠦ᠂ ᠠᠰᠠᠷᠠᠭᠴᠢ ᠳᠤ ᠡᠪᠡᠳᠴᠢᠨ ᠤ ᠰᠢᠯᠲᠠᠭᠠᠨ ᠵᠢᠴᠢ ᠠᠷᠭᠠᠴᠠᠭᠠᠬᠤ ᠠᠷᠭ᠎ᠠ ᠶᠢ ᠭᠦᠨᠵᠡᠭᠡᠢ ᠣᠶᠢᠯᠠᠭᠠᠭᠤᠯᠵᠤ᠂ ᠠᠰᠠᠷᠠᠬᠤ ᠦᠢᠯᠡᠴᠢᠯᠡᠭᠡᠨ ᠤ ᠴᠤᠪᠤᠷᠠᠯ ᠢ ᠴᠢᠭᠯᠡᠯᠲᠡ ᠴᠢᠨᠠᠷᠲᠠᠢ ᠪᠠᠷ ᠰᠢᠯᠢᠳᠡᠭᠵᠢᠭᠦᠯᠪᠡ᠃
      ᠴᠠᠭ ᠬᠤᠭᠤᠴᠠᠭ᠎ᠠ ᠳᠤ ᠨᠢ ᠲᠣᠬᠢᠷᠠᠭᠤᠯᠤᠨ ᠨᠠᠷᠢᠯᠢᠭᠵᠢᠭᠤᠯᠪᠠ᠃ ᠡᠳᠦᠷ ᠲᠤᠲᠤᠮ ᠤᠨ ᠢᠳᠡᠭᠡᠨ ᠤᠮᠳᠠᠭᠠᠨ ᠤ ᠲᠣᠬᠢᠷᠠᠭᠤᠯᠤᠯᠲᠠ ᠳᠤᠮᠳᠠ᠂ ᠠᠳᠠᠯᠢ ᠪᠤᠰᠤ ᠴᠠᠭ ᠤᠯᠠᠷᠢᠯ ᠢ ᠦᠨᠳᠦᠰᠦᠯᠡᠨ᠂ ᠦᠬᠠᠢ ᠬᠤᠳᠠ ᠶᠢᠨ ᠨᠡᠶᠢᠭᠡᠮ ᠤᠨ ᠠᠰᠠᠷᠠᠮᠵᠢ ᠶᠢᠨ ᠲᠥᠪ ᠠᠴᠠ ᠨᠠᠰᠤᠲᠠᠳ ᠲᠤ ᠠᠮᠲᠠ ᠰᠢᠮ᠎ᠡ ᠲᠠᠢ ᠵᠠᠭᠤᠰᠢ ᠨᠣᠭᠤᠭ᠎ᠠ ᠬᠠᠩᠭᠠᠵᠤ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠬᠠᠮᠢᠶᠠᠷᠤᠯᠲᠠ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠴᠠᠭ ᠲᠤ ᠨᠢ ᠲᠣᠬᠢᠷᠠᠭᠤᠯᠤᠨ ᠨᠠᠰᠤᠲᠠᠳ ᠢ ᠦᠵᠡᠮᠵᠢ ᠶᠢᠨ ᠣᠷᠣᠨ ᠢᠶᠠᠷ ᠲᠣᠭᠤᠷᠢᠭᠤᠯᠵᠤ᠂ ᠴᠡᠴᠡᠷᠯᠢᠭ ᠢᠶᠠᠷ ᠵᠤᠭᠠᠴᠠᠨ ᠨᠠᠭᠠᠳᠤᠭᠤᠯᠵᠤ᠂ ᠤᠷᠠᠨ ᠰᠠᠶᠢᠬᠠᠨ ᠤ ᠲᠣᠭᠯᠠᠯᠲᠠ ᠰᠣᠨᠢᠷᠬᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠨᠠᠰᠤᠲᠠᠳ ᠤᠨ ᠲᠦᠷᠦᠯ ᠰᠠᠳᠤᠨ ᠲᠠᠢ ᠨᠢ ᠬᠠᠷᠢᠯᠴᠠᠵᠤ ᠸᠢᠳᠢᠤ᠋ ᠪᠠᠷ ᠶᠠᠷᠢᠯᠴᠠᠭᠤᠯᠬᠤ ᠵᠡᠷᠭᠡ ᠶᠢ ᠵᠣᠬᠢᠶᠠᠨ ᠪᠠᠶᠢᠭᠤᠯᠵᠤ᠂ ᠨᠠᠰᠤᠲᠠᠳ ᠤᠨ ᠤᠶᠤᠨ ᠤ ᠠᠮᠢᠳᠤᠷᠠᠯ ᠢ ᠪᠠᠶᠠᠯᠢᠭᠵᠢᠭᠤᠯᠪᠠ᠃
      ᠥᠪᠡᠷᠮᠢᠴᠡ ᠪᠦᠭᠡᠳ ᠳᠣᠲᠣᠨᠤᠰᠤᠭ ᠢᠶᠠᠷ ᠦᠢᠯᠡᠴᠢᠯᠡᠪᠡ᠃ ᠦᠬᠠᠢ ᠬᠤᠲᠠ ᠶᠢᠨ ᠨᠡᠶᠢᠭᠡᠮ ᠤᠨ ᠠᠰᠠᠷᠠᠮᠵᠢ ᠶᠢᠨ ᠲᠥᠪ ᠪᠤᠰᠤᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠰᠠᠶᠢᠨ ᠲᠤᠷᠰᠢᠯᠭ᠎ᠠ ᠪᠠ ᠠᠷᠭ᠎ᠠ ᠬᠢᠳᠡᠯ ᠢᠶᠠᠷ ᠲᠣᠯᠢ ᠪᠣᠯᠭᠠᠵᠤ᠂ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠤᠨ᠂ ᠠᠰᠠᠷᠠᠨ ᠰᠤᠪᠢᠯᠠᠵᠤ ᠪᠠᠶᠢᠭ᠎ᠠ ᠨᠠᠰᠤᠲᠠᠳ ᠤᠨ ᠰᠤᠪᠢᠯᠠᠯᠲᠠ ᠶᠢᠨ ᠭᠤᠣᠯᠳᠠᠯᠭ᠎ᠠ᠂ ᠵᠠᠩ ᠠᠭᠠᠯᠢ ᠳᠤᠷ᠎ᠠ ᠰᠣᠨᠢᠷᠬᠠᠯ᠂ ᠠᠮᠢᠳᠤᠷᠠᠯ ᠤᠨ ᠵᠢᠮ᠎ᠡ ᠶᠣᠰᠣ᠂ ᠢᠳᠡᠭᠡᠨ ᠤᠮᠳᠠᠭᠠᠨ ᠤ ᠵᠠᠩᠰᠢᠯ᠂ ᠰᠡᠳᠬᠢᠯ ᠤᠨ ᠠᠵᠢᠯᠯᠠᠭ᠎ᠠ ᠵᠡᠷᠭᠡ ᠶᠢ ᠶᠠᠷᠢᠯᠴᠠᠨ ᠲᠡᠮᠳᠡᠭᠯᠡᠵᠦ᠂ ᠠᠳᠠᠯᠢ ᠪᠤᠰᠤ ᠨᠠᠰᠤᠲᠠᠳ ᠤᠨ ᠣᠨᠴᠠᠯᠢᠭ ᠪᠠ ᠳᠤᠷ᠎ᠠ ᠰᠣᠨᠢᠷᠬᠠᠯ ᠢ ᠦᠨᠳᠦᠰᠦᠯᠡᠨ ᠥᠪᠡᠷᠮᠢᠴᠡ ᠦᠢᠯᠡᠴᠢᠯᠡᠭᠡ ᠬᠠᠩᠭᠠᠪᠠ᠃


 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ