ᠦᠪᠡᠷᠲᠡᠭᠡᠨ ᠵᠠᠰᠠᠬᠤ ᠣᠷᠤᠨ ᠤ ᠵᠠᠰᠠᠭ ᠤᠨ ᠣᠷᠳᠤᠨ ᠤ 2022 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/31

      3 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠵᠡᠷᠭᠡ ᠲᠠᠯ᠎ᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃
      ᠬᠤᠷᠠᠯ ᠠᠴᠠ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ ᠥᠪᠥᠷ ᠮᠣᠩᠭᠤᠯ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠂ ᠮᠦᠨ ᠴᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢᠨ ᠴᠢᠬᠤᠯᠠ ᠤᠷᠢᠲᠠᠯ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠤᠢᠢᠯᠠᠭᠠᠨ ᠣᠨᠣᠪᠴᠢᠲᠠᠢ ᠡᠵᠡᠮᠳᠡᠵᠦ ᠤᠯᠤᠰ ᠤᠨ ᠡᠨᠧᠷᠭᠢ ᠶᠢᠨ ᠠᠮᠤᠷ ᠲᠦᠪᠰᠢᠨ ᠪᠠ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠪᠠᠷ ᠬᠤᠷᠢᠭ᠎ᠠ ᠱᠤᠭᠤᠮ ᠪᠣᠯᠭᠠᠵᠤ᠂

︽ᠤᠳᠠᠭᠠᠰᠢᠷᠠᠭᠤᠯᠵᠤ ᠪᠣᠯᠬᠤ ᠦᠭᠡᠢ︾᠂ ︽ᠶᠠᠭᠠᠷᠠᠵᠤ ᠪᠣᠯᠬᠤ ᠦᠭᠡᠢ︾ ᠰᠡᠳᠭᠢᠴᠡ ᠪᠠᠷ᠂ ᠬᠥᠭᠵᠢᠭᠦᠯᠬᠦ ᠪᠠ ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠬᠤᠷ ᠬᠤᠭᠤᠴᠠᠭ᠎ᠠ ᠪᠠ ᠳᠤᠮᠳᠠ ᠤᠷᠳᠤ ᠬᠤᠭᠤᠴᠠᠭᠠᠨ ᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠨᠡᠮᠡᠭᠳᠡᠯ ᠢ ᠲᠣᠭᠲᠠᠪᠤᠷᠢᠵᠢᠭᠤᠯᠬᠤ ᠪᠠ ᠪᠦᠲᠦᠴᠡ ᠶᠢ ᠲᠤᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ᠂ ︽ᠬᠤᠤᠰ ᠨᠡᠭᠦᠷᠡᠰᠦᠲᠥ᠋ᠷᠥᠭᠴᠢ︾ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠣᠷᠣᠭᠤᠯᠵᠤ᠂ ᠡᠯ᠎ᠡ ᠵᠦᠢᠯ ᠤᠨ ᠠᠵᠢᠯ ᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠢ ᠲᠦᠷᠭᠡᠳᠭᠡᠬᠦ ᠪᠣᠯ ᠥᠪᠥᠷ ᠮᠣᠩᠭᠤᠯ ᠤᠨ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢᠨ ᠴᠢᠬᠤᠯᠠ ᠱᠠᠭᠠᠷᠳᠠᠯᠭ᠎ᠠ ᠪᠣᠯᠬᠤ ᠪᠥᠭᠡᠳ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠡᠳᠦᠪ ᠤᠨ ᠴᠢᠬᠤᠯᠠ ᠠᠭᠤᠯᠭ᠎ᠠ ᠪᠣᠯᠤᠨ᠎ᠠ᠃ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠬᠠᠩᠭᠠᠯᠭ᠎ᠠ ᠶᠢ ᠰᠢᠯᠢᠳᠡᠭᠵᠢᠭᠦᠯᠬᠦ᠂ ᠣᠷᠴᠢᠯ ᠢ ᠰᠢᠯᠤᠭᠤᠳᠬᠠᠬᠤ ᠵᠡᠷᠭᠡ ᠭᠤᠤᠯᠳᠠᠯᠭ᠎ᠠ ᠲᠠᠢ ᠬᠦᠷᠢᠶ᠎ᠡ ᠶᠢᠨ ᠲᠣᠭᠤᠷᠢᠨ ᠳᠤ ᠲᠥᠪᠯᠡᠷᠡᠭᠦᠯᠦᠨ ᠬᠦᠴᠦᠯᠡᠵᠦ᠂ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠭᠤᠤᠯᠳᠠᠯᠭ᠎ᠠ ᠬᠦᠴᠢᠷᠳᠡᠯ ᠲᠦᠭᠵᠢᠷᠡᠯ ᠳᠤ ᠠᠩᠬᠠᠷᠤᠯ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠲᠥᠷᠥᠯ ᠵᠦᠶᠯ ᠤᠨ ᠲᠤᠯᠭᠠᠭᠤᠷᠢᠯᠠᠯ ᠢ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠶᠯᠡᠴᠢᠯᠡᠬᠦ ᠳᠤᠮᠳᠠ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠥᠪᠥᠷ ᠮᠣᠩᠭᠤᠯ ᠤᠨ ᠬᠤᠪᠢ ᠨᠡᠮᠡᠷᠢ ᠶᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠲᠤᠯᠭᠠᠭᠤᠷᠢᠯᠠᠯ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠳᠠᠯᠠᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠪᠠᠶᠢᠭᠤᠯᠬᠤ ᠬᠡᠷᠡᠭᠲᠡᠶ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠺᠠᠳ᠋ᠷ ᠤᠨ ᠬᠠᠤᠯᠢᠵᠢᠯ ᠤᠨ ᠰᠡᠳᠭᠢᠬᠦᠢ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠢᠮᠠᠭᠲᠠ ᠬᠠᠤᠯᠢᠵᠢᠯ ᠤᠨ ᠵᠠᠮ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠡᠭᠦᠷᠭᠡᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠤᠯᠤᠰ ᠲᠥᠷᠥ ᠶᠢᠨ ᠤᠳᠤᠷᠢᠳᠤᠮᠵᠢ ᠪᠣᠯᠤᠨ ᠥᠷᠲᠡᠭ ᠤᠨ ᠬᠥᠭᠡᠭᠡᠴᠡᠯᠳᠦᠯ ᠢᠶᠠᠨ ᠪᠠᠲᠤᠳᠬᠠᠨ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠬᠤ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠰᠢᠰᠲ᠋ᠧᠮᠲᠦ ᠰᠡᠳᠭᠢᠬᠦᠶ ᠪᠠᠨ ᠴᠢᠩᠭᠠᠳᠬᠠᠨ᠂ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠭᠡᠨ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠤᠯᠳᠠᠯᠭ᠎ᠠ ᠲᠠᠢ ᠠᠮᠢ ᠠᠬᠤᠶ ᠶᠢ ᠵᠠᠰᠠᠨ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠥᠪᠥᠷ ᠮᠣᠩᠭᠤᠯ ᠤᠨ ᠨᠣᠮᠢᠨ ᠨᠣᠭᠤᠭᠠᠨ᠂ ᠬᠥᠬᠡᠮᠳᠦᠭ ᠴᠡᠩᠭᠡᠷ᠂ ᠠᠷᠢᠭᠤᠨ ᠴᠡᠪᠡᠷ ᠪᠠᠶᠢᠬᠤ ᠶᠢ ᠡᠷᠡᠰ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ