ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 9 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/3/31

      3 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠮᠢ ᠠᠬᠤᠢ ᠶᠢᠨ ᠬᠠᠮᠠᠭᠠᠯᠠᠯᠲᠠ᠂ ᠪᠣᠬᠢᠷᠲᠤᠯ ᠢ ᠰᠡᠷᠭᠡᠶᠢᠯᠡᠨ ᠵᠠᠰᠠᠬᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠡᠷᠭᠡ ᠲᠠᠯ᠎ᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃
      ᠬᠤᠷᠠᠯ ᠠᠴᠠ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠢᠯᠡᠷᠡᠯ ᠮᠥᠨ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠶᠢᠨ ᠴᠢᠬᠤᠯᠠ ᠠᠷᠭ᠎ᠠ ᠬᠡᠯᠪᠡᠷᠢ ᠮᠥᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢᠨ ᠴᠢᠬᠤᠯᠠ ᠠᠷᠭ᠎ᠠ ᠵᠠᠮ ᠮᠥᠨ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠨᠠᠩ ᠴᠢᠩᠭ᠎ᠠ ᠪᠠᠷᠢᠮᠵᠢᠶ᠎ᠠ᠂ ᠨᠠᠩ ᠪᠣᠳᠠᠲᠠᠶ ᠠᠷᠭ᠎ᠠ ᠬᠡᠮᠵᠢᠶ᠎ᠡ᠂ ᠨᠠᠩ ᠴᠢᠩᠭ᠎ᠠ ᠬᠢᠨᠠᠯᠲᠠ ᠬᠠᠮᠢᠶᠠᠷᠤᠯᠲᠠ ᠪᠠᠷ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠶ᠃ ᠭᠤᠣᠯᠳᠠᠯᠭ᠎ᠠ ᠲᠠᠢ ᠠᠵᠢᠯ ᠭᠤᠣᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠦᠷᠦᠯ ᠬᠤᠪᠢᠶᠠᠨ ᠠᠬᠢᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ ᠨᠢᠬᠳᠠ ᠪᠠᠶᠢᠷᠢᠯᠠᠭᠤᠯᠵᠥ᠂ ᠲᠣᠬᠢᠷᠠᠭᠤᠯᠤᠯᠲᠠ ᠪᠠᠨ ᠴᠢᠩᠭᠠᠳᠬᠠᠨ᠂ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠥ᠂ ᠡᠯ᠎ᠡ ᠵᠦᠶᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠰᠤᠷᠠᠯᠲᠠ ᠥᠬᠡᠶ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠳᠤ ᠢᠮᠠᠭᠲᠠ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠨᠡᠩ ᠭᠦᠨ ᠳᠠᠪᠬᠤᠷᠭ᠎ᠠ ᠶᠢᠨ ᠠᠰᠠᠭᠤᠳᠠᠯ ᠢ ᠴᠢᠩᠭ᠎ᠠ ᠠᠩᠬᠠᠷᠴᠤ᠂ ᠨᠡᠩ ᠴᠢᠩᠭ᠎ᠠ ᠬᠢᠨᠠᠯᠲᠠ ᠬᠠᠮᠢᠶᠠᠷᠤᠯᠲᠠ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠨᠡᠩ ᠶᠡᠭᠡ ᠪᠣᠭᠤᠮᠲᠠ ᠰᠢᠪᠲᠤᠯᠬᠤ ᠡᠷᠴᠢᠮ ᠢᠶᠠᠷ᠂ ᠦᠷ᠎ᠡ ᠪᠦᠲᠦᠭᠡᠯ ᠢᠶᠠᠨ ᠲᠠᠰᠤᠷᠠᠯᠳᠠ ᠦᠭᠡᠢ ᠪᠠᠬᠢᠵᠢᠭᠦᠯᠵᠦ ᠥᠷᠭᠡᠳᠭᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠳᠣᠪᠣᠶᠢᠯᠭᠠᠵᠤ᠂ ᠪᠥᠬᠦ ᠲᠠᠯ᠎ᠠ ᠪᠠᠷ ᠥᠪᠡᠷ ᠢ ᠪᠠᠨ ᠪᠠᠶᠢᠴᠠᠭᠠᠨ ᠦᠵᠡᠵᠥ᠂ ᠥᠪᠡᠷ ᠢ ᠪᠠᠨ ᠪᠠᠶᠢᠴᠠᠭᠠᠨ ᠵᠠᠯᠠᠷᠠᠭᠤᠯᠵᠤ᠂ ᠠᠰᠠᠭᠤᠳᠠᠯ ᠢ ᠣᠨᠣᠪᠴᠢᠲᠠᠶ ᠡᠷᠢᠵᠦ ᠪᠦᠬᠦᠨ ᠢ ᠡᠷᠢᠵᠥ ᠪᠣᠳᠠᠲᠠᠶ ᠡᠷᠢᠵᠦ᠂ ᠨᠢᠭᠡ ᠠᠴᠠ ᠵᠦᠶᠴᠢᠯᠡᠨ ᠨᠦᠬᠦᠬᠡ ᠶᠢ ᠮᠡᠳᠡᠵᠥ ᠪᠤᠳᠠᠳᠠᠢ ᠴᠡᠭᠴᠡᠯᠡᠨ ᠰᠠᠶᠢᠵᠢᠷᠠᠭᠤᠯᠵᠤ᠂ ᠪᠣᠳᠠᠲᠠᠶ ᠰᠢᠶᠳᠪᠦᠷᠢᠯᠡᠵᠦ᠂ ᠪᠣᠳᠠᠲᠠᠶ ᠵᠠᠯᠠᠷᠠᠭᠤᠯᠬᠤ ᠬᠡᠷᠡᠭᠲᠡᠶ᠃ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ᠂ ᠰᠢᠰᠲ᠋ᠧᠮ ᠲᠠᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠩᠭᠠᠳᠬᠠᠵᠤ᠂ ᠭᠤᠤᠯ ᠵᠥᠷᠢᠴᠡᠯ ᠪᠠ ᠵᠥᠷᠢᠴᠡᠯ ᠤᠨ ᠭᠤᠤᠯ ᠲᠠᠯ᠎ᠠ ᠶᠢ ᠰᠠᠶᠢᠲᠤᠷ ᠡᠵᠡᠮᠳᠡᠵᠦ᠂ ᠬᠡᠰᠡᠭ ᠲᠠᠯ᠎ᠠ ᠪᠠ ᠪᠥᠬᠦ ᠲᠠᠯ᠎ᠠ᠂ ᠣᠳᠣᠬᠠᠨ ᠤ ᠪᠠ ᠠᠯᠤᠰ ᠬᠡᠲᠦ ᠶᠢᠨ ᠬᠠᠷᠢᠴᠠᠭ᠎ᠠ ᠶᠢ ᠰᠠᠶᠢᠲᠤᠷ ᠰᠢᠶᠳᠪᠦᠷᠢᠯᠡᠵᠦ᠂ ᠪᠣᠬᠢᠷᠲᠤᠯ ᠥᠬᠡᠶ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠪᠦᠷᠢᠯᠳᠦᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃
      ᠬᠤᠷᠠᠯ ᠠᠴᠠ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠨᠢ ᠠᠷᠠᠳ ᠲᠦᠮᠡᠨ ᠤ ᠵᠣᠯ ᠵᠢᠷᠭᠠᠯ ᠲᠠᠢ ᠬᠤᠯᠪᠣᠭᠳᠠᠵᠤ᠂ ᠦᠨᠳᠦᠰᠦᠲᠡᠨ ᠤ ᠢᠷᠡᠭᠡᠳᠦᠢ ᠲᠠᠢ ᠬᠤᠯᠪᠣᠭᠳᠠᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠠ ᠰᠠᠭᠤᠷᠢ ᠴᠢᠨᠠᠷᠲᠠᠶ ᠦᠶᠯᠡᠴᠢᠯᠡᠭᠡᠨ ᠤ ᠬᠠᠩᠭᠠᠯᠭ᠎ᠠ ᠶᠢ ᠥᠷᠭᠡᠳᠭᠡᠵᠦ᠂ ᠣᠯᠠᠨ ᠲᠦᠮᠡᠨ ᠤ ᠳᠡᠷᠭᠡᠳᠡᠬᠢ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠮᠢ ᠠᠬᠤᠶ ᠶᠢᠨ ᠲᠣᠭᠤᠷᠢᠭ ᠢ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠶᠯᠡᠴᠢᠯᠡᠭᠡ ᠶᠢ ᠨᠡᠶᠢᠳᠡᠮ ᠪᠥᠷᠬᠦᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠶ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠥ᠂ ᠴᠢᠳᠠᠯ ᠤᠨ ᠬᠢᠷᠢ ᠪᠠᠷ ᠢᠶᠠᠨ ᠴᠢᠷᠮᠠᠶᠢᠨ᠂ ᠴᠢᠳᠠᠯ ᠤᠨ ᠬᠢᠷᠢ ᠪᠠᠷ ᠢᠶᠠᠨ ᠬᠢᠵᠦ᠂ ᠵᠠᠰᠠᠭ ᠤᠨ ᠣᠷᠳᠣᠨ ᠤ ᠦᠨᠳᠦᠰᠦᠨ ᠵᠦᠶᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ ᠦᠶᠯᠡᠳᠦᠯ ᠢ ᠪᠠᠳᠠᠷᠠᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠨᠳᠦᠰᠦᠨ ᠣᠯᠠᠨ ᠨᠡᠶᠢᠲᠡ ᠶᠢᠨ ᠦᠶᠯᠡᠴᠢᠯᠡᠭᠡ ᠶᠢ ᠲᠡᠩᠴᠡᠭᠦᠷᠢᠰᠢᠭᠦᠯᠬᠦ ᠶᠢ ᠠᠬᠢᠭᠤᠯᠬᠤ ᠬᠡᠷᠡᠭᠲᠡᠶ᠃ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠢ ᠠᠭᠤᠰᠤᠯᠴᠠᠭᠤᠯᠬᠤ᠂ ᠪᠡᠶ᠎ᠡ ᠶᠢᠨ ᠲᠠᠮᠢᠷ ᠵᠢᠭᠤᠯᠴᠢᠯᠠᠯ ᠢ ᠠᠭᠤᠰᠤᠯᠴᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠲᠦᠭᠡᠮᠡᠯᠵᠢᠭᠦᠯᠬᠦ ᠪᠠ ᠬᠥᠭᠵᠢᠭᠦᠯᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃
      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ