3 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠦᠬᠦ ᠣᠷᠣᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠲᠣᠭᠲᠠᠴᠠ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠣᠳᠣᠬᠠᠨ ᠤ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠪᠠᠴᠢᠮ ᠲᠣᠬᠢᠷᠠᠭᠤᠯᠤᠯᠲᠠ᠂ ᠪᠠᠶᠢᠷᠢᠯᠠᠭᠤᠯᠤᠯᠲᠠ ᠬᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ | ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠬᠤᠸᠠᠩ ᡁᠢ ᠴᠢᠶᠠᠩ | ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠪᠦᠦ ᠰᠢᠶᠠᠨ ᠬᠤᠸᠠ ᠬᠤᠷᠠᠯ ᠢ ᠡᠷᠭᠢᠯᠡᠪᠡ᠃ | ᠬᠤᠸᠠᠩ ᡁᠢ ᠴᠢᠶᠠᠩ ᠴᠢᠬᠤᠯᠠᠴᠢᠯᠠᠭᠰᠠᠨ ᠨᠢ᠂ ᠣᠳᠣᠬᠠᠨ ᠤ ᠬᠢᠵᠢᠭ ᠤᠨ ᠪᠠᠶᠢᠳᠠᠯ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠳᠠᠯ ᠢ ᠰᠡᠷᠭᠡᠭ ᠢᠶᠠᠷ | ᠲᠠᠨᠢᠵᠤ᠂ ᠦᠨᠡᠨ ᠬᠦ ᠪᠠᠴᠢᠮ ᠪᠠᠶᠢᠳᠠᠯ ᠳᠤ ᠣᠷᠣᠵᠤ᠂ ᠦᠳᠲᠡᠷ ᠲᠦᠷᠭᠡᠨ ᠬᠥᠳᠡᠯᠦᠯᠴᠡᠬᠦ ᠬᠡᠷᠡᠭᠲᠡᠶ︔ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ | ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠲᠠᠷᠬᠠᠨ ᠳᠡᠯᠭᠡᠷᠡᠬᠦ ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠶ︔ ᠵᠢᠯᠣᠭᠤᠳᠬᠤ ᠲᠣᠭᠲᠠᠯᠴᠠᠭ᠎ᠠ ᠶᠢᠨ ᠦᠢᠯᠡᠳᠦᠯ ᠢ | ᠥᠨᠳᠥᠷ ᠪᠦᠲᠦᠮᠵᠢᠲᠡᠢ ᠪᠠᠷ ᠪᠠᠳᠠᠷᠠᠭᠤᠯᠵᠤ᠂ ᠪᠦᠬᠦ ᠣᠷᠣᠨ ᠪᠦᠰᠡ ᠶᠢᠨ ᠴᠢᠩᠳᠠᠯᠠᠨ ᠰᠠᠬᠢᠵᠤ ᠳᠠᠶᠢᠨ ᠳᠤ ᠪᠡᠯᠡᠳᠬᠡᠬᠦ ᠠᠵᠢᠯ ᠢ ᠪᠣᠯᠭᠤᠮᠵᠢᠲᠠᠢ ᠰᠠᠶᠢᠲᠤᠷ ᠬᠢᠬᠦ | ᠬᠡᠷᠡᠭᠲᠡᠢ︔ ᠬᠠᠲᠠᠭᠤ ᠴᠢᠩᠭ᠎ᠠ ᠠᠵᠢᠯ ᠤᠨ ᠰᠤᠷᠲᠠᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠠᠵᠢᠯ ᠤᠨ | ᠪᠠᠶᠢᠷᠢ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠡᠭᠦᠷᠭᠡᠯᠡᠨ᠂ ᠠᠵᠢᠯ ᠤᠨ ᠡᠭᠦᠷᠭᠡ ᠪᠠᠨ ᠭᠦᠢᠴᠡᠳᠬᠡᠬᠦ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠷ᠎ᠠ ᠶᠢᠨ ᠬᠤᠭᠤᠴᠠᠭᠠᠨ ᠤ ᠪᠥᠬᠦ ᠣᠷᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠬᠥᠬᠡᠬᠤᠲᠠ᠂ ᠪᠤᠭᠤᠲᠤ᠂ ᠣᠷᠳᠣᠰ᠂ ᠠᠯᠠᠱᠠ᠂ ᠮᠠᠨᠵᠤᠤᠷ ᠵᠡᠷᠭᠡ 5 ᠠᠶᠢᠮᠠᠭ | ᠬᠤᠲᠠ ᠲᠣᠰ ᠭᠠᠵᠠᠷ ᠣᠷᠣᠨ ᠤ ᠪᠠᠨ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃ | | |