ᠦᠰᠦᠭ ᠪᠢᠴᠢᠭ ᠢᠶᠠᠷ ᠥᠭᠦᠯᠡᠬᠦᠢ᠄ ︽ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/4/13
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠨᠡᠶᠢᠭᠡᠮ ᠨᠡᠶᠢᠲᠡ ᠶᠢᠨ ︽ᠮᠡᠳᠡᠭᠳᠡᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃      ᠨᠢᠭᠡ᠂ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠭᠤᠣᠯ ᠠᠬᠤᠢ ᠪᠠᠶᠢᠳᠠᠯ      ︵ᠨᠢᠭᠡ︶ ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠠᠴᠢ ᠬᠤᠯᠪᠣᠭᠳᠠᠯ      ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠪᠣᠯ ᠬᠥᠷᠥᠰᠥ ᠰᠢᠷᠣᠢ ᠶᠢᠨ ᠲᠥᠷᠥᠯ ᠬᠡᠯᠪᠡᠷᠢ ᠵᠢᠴᠢ ᠲᠠᠷᠬᠠᠯᠲᠠ ᠶᠢᠨ ᠵᠢᠮ᠎ᠡ ᠶᠣᠰᠣ ᠶᠢ ᠪᠠᠶᠢᠴᠠᠭᠠᠨ ᠲᠣᠳᠣᠯᠠᠬᠤ᠂ ᠬᠥᠷᠥᠰᠥ ᠰᠢᠷᠣᠢ ᠶᠢᠨ ᠡᠬᠢ ᠪᠠᠶᠠᠯᠢᠭ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠵᠡᠷᠭᠡ ᠶᠢ ᠪᠠᠶᠢᠴᠠᠭᠠᠨ ᠲᠣᠳᠣᠯᠠᠬᠤ ᠴᠢᠬᠤᠯᠠ ᠠᠷᠭ᠎ᠠ ᠪᠠᠷᠢᠯ ᠪᠣᠯᠣᠨ᠎ᠠ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠨᠢ ᠬᠥᠷᠥᠰᠥ ᠰᠢᠷᠣᠢ ᠶᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠬᠤ᠂ ᠲᠥᠯᠥᠪᠵᠢᠭᠦᠯᠦᠨ ᠠᠰᠢᠭᠯᠠᠬᠤ᠂ ᠬᠥᠷᠥᠰᠥᠵᠢᠭᠦᠯᠦᠨ ᠰᠢᠮᠡᠯᠢᠭᠵᠢᠭᠦᠯᠬᠦ᠂ ᠬᠠᠮᠠᠭᠠᠯᠠᠨ ᠬᠠᠮᠢᠶᠠᠷᠬᠤ ᠵᠡᠷᠭᠡ ᠳᠤ ᠰᠢᠨᠵᠢᠯᠡᠬᠦ ᠤᠬᠠᠭᠠᠨᠴᠢ ᠲᠤᠯᠭᠠᠭᠤᠷᠢᠯᠠᠯ ᠬᠠᠩᠭᠠᠵᠤ ᠪᠣᠯᠬᠤ ᠪᠥᠭᠡᠳ ᠪᠠᠰᠠ ᠠᠵᠤ ᠠᠬᠤᠢ ᠨᠡᠶᠢᠭᠡᠮ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ ᠬᠠᠩᠭᠠᠵᠤ ᠪᠣᠯᠣᠨ᠎ᠠ᠃      ᠬᠤᠶᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ︵ᠳᠣᠷᠣᠭᠰᠢ ︽ᠬᠥᠷᠥᠰᠥ ᠰᠢᠷᠣᠢ ᠶᠢᠨ ᠬᠤᠶᠠᠳᠤᠭᠠᠷ ᠨᠡᠶᠢᠳᠡᠮ ᠪᠠᠶᠢᠴᠠᠭᠠᠯᠲᠠ︾ ᠭᠡᠵᠦ ᠲᠣᠪᠴᠢᠯᠠᠨ᠎ᠠ︶ ᠨᠢ ᠣᠳᠣ ᠠᠴᠠ ᠨᠢᠭᠡᠨᠲᠡ 40 ᠵᠢᠯ ᠤᠨ ᠡᠮᠦᠨ᠎ᠡ ᠶᠠᠪᠤᠭᠳᠠᠵᠤ᠂ ᠬᠠᠮᠢᠶ᠎ᠠ ᠪᠦᠬᠦᠢ ᠲᠤᠭ᠎ᠠ ᠪᠠᠷᠢᠮᠲᠠ ᠨᠢ ᠣᠳᠣᠬᠠᠨ ᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠮ᠎ᠡ ᠶᠢᠨ ᠪᠣᠳᠠᠲᠤ ᠪᠠᠶᠢᠳᠠᠯ ᠢ ᠪᠦᠬᠦ ᠲᠠᠯ᠎ᠠ ᠢᠯᠡᠷᠡᠭᠦᠯᠵᠦ ᠴᠢᠳᠠᠬᠤ ᠦᠭᠡᠢ ᠪᠠᠶᠢᠬᠤ ᠲᠤᠯᠠ ᠭᠤᠷᠪᠠᠳᠤᠭᠠᠷ ᠤᠳᠠᠭᠠᠨ ᠤ ᠬᠦᠷᠦᠰᠦ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠲᠠᠷᠢᠶᠠᠨ ᠭᠠᠵᠠᠷ ᠲᠤ ︽ᠪᠥᠬᠦ ᠲᠠᠯ᠎ᠠ ᠶᠢᠨ ᠪᠠᠶᠢᠴᠠᠭᠠᠯᠲᠠ︾ ᠬᠢᠵᠦ᠂ ᠬᠥᠷᠥᠰᠥ ᠰᠢᠷᠣᠢ ᠶᠢᠨ ᠰᠢᠮᠡᠯᠢᠭ ᠴᠢᠨᠠᠷ᠂ ᠰᠢᠨᠵᠢ ᠪᠠᠶᠢᠳᠠᠯ ᠪᠠ ᠠᠰᠢᠭᠯᠠᠯᠲᠠ ᠶᠢᠨ ᠪᠠᠶᠢᠳᠠᠯ ᠵᠡᠷᠭᠡ ᠶᠢ ᠦᠨᠡᠨ ᠪᠣᠳᠠᠲᠠᠢ ᠣᠨᠣᠪᠴᠢᠲᠠᠶ ᠡᠵᠡᠮᠰᠢᠵᠦ᠂ ᠬᠥᠷᠥᠰᠥ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠪᠠᠳᠠᠷᠠᠯ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠳᠤ ᠰᠠᠭᠤᠷᠢ ᠲᠤᠯᠭᠠᠭᠤᠷᠢᠯᠠᠯ ᠬᠠᠩᠭᠠᠬᠤ ᠴᠢᠬᠤᠯᠠᠲᠠᠢ ᠪᠠᠶᠢᠨ᠎ᠠ᠃      ︵ᠬᠤᠶᠠᠷ︶ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠦᠨᠳᠦᠰᠦᠯᠡᠯ      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠬᠤ ᠳᠤ ᠪᠠᠨ ︽ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2022﹈ 4 ᠳ᠋ᠦ᠋ᠭᠡᠷ ᠲᠣᠭᠠᠲᠤ︶ ᠪᠣᠯᠣᠨ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠥᠯ︾ ᠤᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠪᠡ᠃      ᠬᠤᠶᠠᠷ᠂ ︽ᠮᠡᠳᠡᠭᠳᠡᠯ︾ ᠤᠨ ᠭᠤᠣᠯ ᠠᠭᠤᠯᠭ᠎ᠠ      ︵ᠨᠢᠭᠡ︶ ᠨᠡᠶᠢᠳᠡᠮ ᠪᠠᠶᠢᠴᠠᠭᠠᠬᠤ ᠵᠦᠢᠯ      ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠳᠤ ᠭᠤᠣᠯᠳᠠᠭᠤ ᠪᠥᠬᠦ ᠣᠷᠣᠨ ᠤ ᠲᠠᠷᠢᠶᠠᠨ ᠭᠠᠵᠠᠷ᠂ ᠴᠡᠴᠡᠷᠯᠢᠭᠲᠦ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠵᠡᠷᠭᠡ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠣᠨ ᠬᠡᠰᠡᠭ ᠠᠰᠢᠭᠯᠠᠭᠠᠳᠤᠢ ᠭᠠᠵᠠᠷ ᠤᠨ ᠬᠥᠷᠥᠰᠥ ᠰᠢᠷᠣᠢ ᠪᠣᠯᠣᠨ᠎ᠠ᠃ ᠡᠭᠦᠨ ᠳᠤ ᠣᠶᠢᠲᠤ ᠭᠠᠵᠠᠷ᠂ ᠡᠪᠡᠰᠦᠲᠦ ᠭᠠᠵᠠᠷ ᠲᠤ ᠢᠳᠡᠭᠡᠨ ᠤ ᠦᠢᠯᠡᠳᠪᠦᠷᠢᠯᠡᠯ ᠲᠠᠢ ᠬᠤᠯᠪᠣᠭᠳᠠᠬᠤ ᠭᠠᠵᠠᠷ ᠰᠢᠷᠣᠢ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠰᠢᠭᠯᠠᠭᠠᠳᠤᠢ ᠭᠠᠵᠠᠷ ᠲᠤ ᠬᠠᠭᠠᠯᠠᠪᠤᠷᠢᠯᠠᠨ ᠲᠠᠷᠢᠶᠠᠯᠠᠵᠤ ᠪᠣᠯᠬᠤ ᠡᠬᠢ ᠪᠠᠶᠠᠯᠢᠭ ᠲᠠᠢ ᠬᠤᠯᠪᠣᠭᠳᠠᠬᠤ ᠭᠠᠵᠠᠷ ᠰᠢᠷᠣᠢ ᠶᠢ ᠭᠤᠣᠯᠳᠠᠯᠭ᠎ᠠ ᠲᠠᠢ ᠪᠠᠶᠢᠴᠠᠭᠠᠨ᠎ᠠ᠂ ᠵᠢᠱᠢᠶᠡᠯᠡᠪᠡᠯ ᠬᠤᠵᠢᠷᠯᠢᠭ ᠭᠠᠵᠠᠷ ᠵᠡᠷᠭᠡ᠃      ︵ᠬᠤᠶᠠᠷ︶ ᠨᠡᠶᠢᠳᠡᠮ ᠪᠠᠶᠢᠴᠠᠭᠠᠯᠲᠠ ᠶᠢᠨ ᠬᠠᠷᠠᠯᠲᠠ      2025 ᠣᠨ ᠪᠣᠯᠬᠤ ᠳᠤ ᠪᠥᠬᠦ ᠣᠷᠣᠨ ᠤ ᠲᠠᠷᠢᠶᠠᠨ ᠭᠠᠵᠠᠷ᠂ ᠴᠡᠴᠡᠷᠯᠢᠭᠲᠦ ᠭᠠᠵᠠᠷ᠂ ᠣᠶᠢᠲᠤ ᠭᠠᠵᠠᠷ᠂ ᠡᠪᠡᠰᠦᠲᠦ ᠭᠠᠵᠠᠷ ᠪᠠ ᠬᠡᠰᠡᠭ ᠠᠰᠢᠭᠯᠠᠭᠠᠳᠤᠢ ᠭᠠᠵᠠᠷ ᠵᠡᠷᠭᠡ ᠬᠥᠷᠥᠰᠥ ᠰᠢᠷᠣᠢ ᠳᠤ ︽ᠪᠥᠬᠦ ᠲᠠᠯ᠎ᠠ ᠶᠢᠨ ᠪᠠᠶᠢᠴᠠᠭᠠᠯᠲᠠ︾ ᠬᠢᠬᠦ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ ᠰᠢᠮᠡᠯᠢᠭ ᠴᠢᠨᠠᠷ ᠤᠨ ᠪᠠᠶᠢᠳᠠᠯ ᠢ ᠲᠣᠳᠣᠷᠬᠠᠢ ᠣᠶᠢᠯᠠᠭᠠᠨ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠰᠠᠬᠢᠬᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃      ︵ᠭᠤᠷᠪᠠ︶ ᠨᠡᠶᠢᠳᠡᠮ ᠪᠠᠶᠢᠴᠠᠭᠠᠯᠲᠠ ᠶᠢᠨ ᠠᠭᠤᠯᠭ᠎ᠠ      ᠨᠡᠶᠢᠳᠡᠮ ᠪᠠᠶᠢᠴᠠᠭᠠᠯᠲᠠ ᠶᠢᠨ ᠠᠭᠤᠯᠭ᠎ᠠ ᠳᠤ ᠳᠥᠷᠪᠡᠨ ᠲᠠᠯ᠎ᠠ ᠪᠠᠭᠲᠠᠨ᠎ᠠ᠄ ᠨᠢᠭᠡ ᠳᠤ᠂ ᠬᠥᠷᠥᠰᠥ ᠰᠢᠷᠣᠢ ᠶᠢᠨ ᠰᠢᠨᠵᠢ ᠪᠠᠶᠢᠳᠠᠯ ᠤᠨ ᠨᠡᠶᠢᠳᠡᠮ ᠪᠠᠶᠢᠴᠠᠭᠠᠯᠲᠠ᠂ ᠡᠭᠦᠨ ᠳᠤ ᠬᠡᠭᠡᠷ᠎ᠡ ᠶᠢᠨ ᠬᠥᠷᠥᠰᠥ ᠰᠢᠷᠣᠢ ᠶᠢᠨ ᠥᠩᠭᠡᠨ ᠳᠠᠪᠬᠤᠷᠭ᠎ᠠ ᠶᠢᠨ ᠥᠯᠢᠭᠡᠷ ᠡᠳ᠋ ᠴᠤᠭᠯᠠᠭᠤᠯᠬᠤ ᠪᠠ ᠬᠥᠷᠥᠰᠥ ᠰᠢᠷᠣᠢ ᠶᠢᠨ ᠹᠢᠽᠢᠺ ᠬᠢᠮᠢ ᠶᠢᠨ ᠰᠢᠨᠵᠢ ᠪᠠᠶᠢᠳᠠᠯ᠂ ᠠᠮᠢᠳᠤ ᠪᠣᠳᠠᠰ ᠤᠨ ᠰᠢᠨᠵᠢ ᠪᠠᠶᠢᠳᠠᠯ ᠤᠨ ᠭᠦᠢᠴᠡᠳᠬᠡᠯ ᠲᠤᠭ᠎ᠠ ᠶᠢ ᠵᠠᠳᠠᠯᠵᠤ ᠰᠢᠨᠵᠢᠯᠡᠨ ᠰᠢᠯᠭᠠᠬᠤ ᠵᠡᠷᠭᠡ ᠪᠠᠭᠲᠠᠨ᠎ᠠ︔ ᠬᠤᠶᠠᠷ ᠲᠤ᠂ ᠬᠥᠷᠥᠰᠥ ᠰᠢᠷᠣᠢ ᠶᠢᠨ ᠲᠥᠷᠥᠯ ᠵᠦᠢᠯ ᠤᠨ ᠨᠡᠶᠢᠳᠡᠮ ᠪᠠᠶᠢᠴᠠᠭᠠᠯᠲᠠ᠂ ᠡᠭᠦᠨ ᠳᠤ ᠭᠤᠣᠯ ᠪᠣᠯᠬᠤ ᠬᠥᠷᠥᠰᠥ ᠰᠢᠷᠣᠢ ᠶᠢᠨ ᠲᠥᠷᠥᠯ ᠵᠦᠢᠯ ᠤᠨ ᠣᠭᠲᠣᠯᠣᠭᠠᠰᠤ ᠶᠢ ᠠᠭᠤᠳᠠᠯᠤᠨ ᠠᠵᠢᠭᠯᠠᠬᠤ᠂ ᠥᠯᠢᠭᠡᠷ ᠠᠪᠴᠤ ᠰᠢᠨᠵᠢᠯᠡᠨ ᠰᠢᠯᠭᠠᠬᠤ ᠵᠡᠷᠭᠡ ᠶᠢ ᠪᠠᠭᠲᠠᠭᠠᠵᠤ᠂ ᠬᠥᠷᠥᠰᠥ ᠰᠢᠷᠣᠢ ᠶᠢᠨ ᠲᠥᠷᠥᠯ ᠵᠦᠢᠯ ᠢ ᠨᠥᠬᠦᠪᠦᠷᠢᠯᠡᠨ ᠪᠦᠷᠢᠨᠰᠢᠭᠦᠯᠦᠨ᠎ᠡ︔ ᠭᠤᠷᠪᠠ ᠳᠤ᠂ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠨᠥᠬᠦᠴᠡᠯ ᠤᠨ ᠨᠡᠶᠢᠳᠡᠮ ᠪᠠᠶᠢᠴᠠᠭᠠᠯᠲᠠ᠂ ᠡᠭᠦᠨ ᠳᠤ ᠭᠠᠵᠠᠷ ᠤᠨ ᠪᠠᠶᠢᠴᠠ ᠭᠠᠵᠠᠷ ᠤᠨ ᠭᠠᠳᠠᠷᠭᠤ᠂ ᠤᠷᠭᠤᠮᠠᠯ ᠤᠨ ᠬᠤᠴᠢᠯᠭ᠎ᠠ ᠶᠢᠨ ᠲᠥᠷᠥᠯ ᠬᠡᠯᠪᠡᠷᠢ᠂ ᠠᠭᠤᠷ ᠠᠮᠢᠰᠬᠤᠯ᠂ ᠤᠰᠤᠨ ᠤ ᠭᠠᠵᠠᠷ ᠰᠢᠨᠵᠢᠯᠡᠭᠡ ᠵᠡᠷᠭᠡ ᠪᠠᠭᠲᠠᠨ᠎ᠠ︔ ᠳᠥᠷᠪᠡ ᠳᠤ᠂ ᠬᠥᠷᠥᠰᠥ ᠰᠢᠷᠣᠢ ᠶᠢᠨ ᠠᠰᠢᠭᠯᠠᠯᠲᠠ ᠶᠢᠨ ᠪᠠᠶᠢᠳᠠᠯ ᠢ ᠨᠡᠶᠢᠳᠡᠮ ᠪᠠᠶᠢᠴᠠᠭᠠᠨ᠎ᠠ᠂ ᠡᠭᠦᠨ ᠳᠤ ᠰᠠᠭᠤᠷᠢ ᠪᠡᠯᠡᠳᠬᠡᠮᠵᠢ ᠶᠢᠨ ᠨᠥᠬᠦᠴᠡᠯ᠂ ᠲᠠᠷᠢᠮᠠᠯ ᠤᠨ ᠳᠦᠷᠢᠮ᠂ ᠲᠠᠷᠢᠶᠠᠯᠠᠩ ᠤᠨ ᠦᠢᠯᠡᠳᠪᠦᠷᠢᠯᠡᠯ ᠤᠨ ᠬᠢᠷᠢ ᠲᠦᠪᠰᠢᠨ ᠵᠡᠷᠭᠡ ᠶᠢ ᠪᠠᠭᠲᠠᠭᠠᠨ᠎ᠠ᠃      ︵ᠳᠥᠷᠪᠡ︶ ᠨᠡᠶᠢᠳᠡᠮ ᠪᠠᠶᠢᠴᠠᠭᠠᠬᠤ ᠠᠷᠭ᠎ᠠ ᠮᠠᠶ᠋ᠢᠭ      ᠤᠯᠤᠰ ᠤᠨ ᠨᠢᠭᠡᠳᠦᠯᠲᠡᠢ ᠠᠵᠢᠯ ᠤᠨ ᠲᠠᠪᠴᠠᠩ᠂ ᠨᠢᠭᠡᠳᠦᠯᠲᠡᠢ ᠮᠡᠷᠭᠡᠵᠢᠯ ᠤᠨ ᠳᠦᠷᠢᠮ᠂ ᠨᠢᠭᠡᠳᠦᠯᠲᠡᠢ ᠠᠵᠢᠯ ᠤᠨ ᠰᠠᠭᠤᠷᠢ ᠵᠢᠷᠤᠭ᠂ ᠨᠢᠭᠡᠳᠦᠯᠲᠡᠢ ᠦᠯᠢᠭᠡᠷ ᠶᠠᠩᠵᠤ ᠶᠢᠨ ᠴᠡᠭ ᠪᠠᠶᠢᠷᠢᠯᠠᠭᠤᠯᠬᠤ᠂ ᠨᠢᠭᠡᠳᠦᠯᠲᠡᠢ ᠰᠢᠯᠢᠨ ᠰᠣᠩᠭᠤᠵᠤ ᠪᠠᠶᠢᠴᠠᠭᠠᠨ ᠬᠡᠮᠵᠢᠬᠦ ᠪᠠᠶᠢᠭᠤᠯᠤᠮᠵᠢ᠂ ᠨᠢᠭᠡᠳᠦᠯᠲᠡᠢ ᠰᠢᠮᠡᠯᠢᠭ ᠴᠢᠨᠠᠷ ᠢ ᠡᠵᠡᠮᠳᠡᠬᠦ ᠲᠣᠭᠲᠠᠯᠴᠠᠭᠠᠨ ᠤ ᠰᠠᠭᠤᠷᠢᠨ ᠳᠡᠭᠡᠷ᠎ᠡ᠂ ᠬᠤᠰᠢᠭᠤ ᠰᠢᠶᠠᠨ ᠢᠶᠠᠷ ᠨᠢᠭᠡᠴᠢ ᠪᠣᠯᠭᠠᠨ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠦᠯᠢᠭᠡᠷ ᠠᠪᠬᠤ ᠪᠠ ᠳᠣᠲᠣᠭᠠᠳᠤ ᠠᠵᠢᠯ ᠲᠥᠷᠥᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠨᠡᠶᠢᠳᠡᠮ ᠪᠠᠶᠢᠴᠠᠭᠠᠯᠲᠠ ᠬᠢᠨ᠎ᠡ᠃      ︵ᠲᠠᠪᠤ︶ ᠨᠡᠶᠢᠳᠡᠮ ᠪᠠᠶᠢᠴᠠᠭᠠᠯᠲᠠ ᠶᠢᠨ ᠠᠬᠢᠴᠠ ᠶᠢᠨ ᠲᠣᠬᠢᠷᠠᠭᠤᠯᠤᠯᠲᠠ      2022 ᠣᠨ ᠳᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠪᠠᠶᠢᠴᠠᠭᠠᠯᠲᠠ ᠶᠢᠨ ᠠᠵᠢᠯ ᠢ ᠡᠬᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠬᠢᠨ᠎ᠡ︔ 2023 — 2024 ᠣᠨ ᠳᠤ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠡᠬᠢᠯᠡᠭᠦᠯᠦᠨ᠎ᠡ︔ 2025 ᠣᠨ ᠳᠤ ᠦᠷ᠎ᠡ ᠪᠦᠲᠦᠭᠡᠯ ᠢ ᠬᠤᠷᠢᠶᠠᠩᠭᠤᠶᠢᠯᠠᠵᠤ᠂ ᠰᠢᠯᠭᠠᠨ ᠬᠤᠷᠢᠶᠠᠵᠤ᠂ ᠳ᠋ᠦᠩᠨᠡᠨ᠎ᠡ᠃      2022 ᠣᠨ ᠳᠤ᠂ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠥᠯ᠂ ᠣᠨ ᠤ ᠲᠤᠷᠰᠢᠯᠲᠠ ᠶᠢᠨ ᠲᠥᠰᠥᠯ ᠪᠠ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢᠨ ᠲᠥᠰᠥᠯ ᠢ ᠲᠣᠭᠲᠠᠭᠠᠨ᠎ᠠ︔ ᠲᠠᠪᠤᠨ ᠲᠤᠷᠰᠢᠯᠲᠠ ᠶᠢᠨ ᠬᠤᠰᠢᠭᠤ ᠰᠢᠶᠠᠨ ᠢ ᠵᠣᠬᠢᠶᠠᠨ ᠪᠠᠶᠢᠭᠤᠯᠤᠨ ᠨᠡᠶᠢᠳᠡᠮ ᠪᠠᠶᠢᠴᠠᠭᠠᠯᠲᠠ ᠶᠢᠨ ᠲᠤᠷᠰᠢᠯᠲᠠ ᠬᠢᠨ᠎ᠡ︔ ᠪᠥᠬᠦ ᠣᠷᠣᠨ ᠤ ᠬᠤᠵᠢᠷᠯᠢᠭ ᠭᠠᠵᠠᠷ ᠤᠨ ᠨᠡᠶᠢᠳᠡᠮ ᠪᠠᠶᠢᠴᠠᠭᠠᠯᠲᠠ ᠶᠢ ᠡᠬᠢᠯᠡᠭᠦᠯᠬᠦ ᠶᠢᠨ ᠬᠠᠮᠲᠤᠪᠡᠶᠡᠯᠡᠭᠦᠯᠦᠨ᠎ᠡ᠃      2023 — 2024 ᠣᠨ ᠳᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠣᠯᠠᠨ ᠲᠠᠰ ᠳᠠᠪᠬᠤᠷᠭ᠎ᠠ ᠶᠢᠨ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠵᠢᠯᠣᠭᠤᠳᠤᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ ᠪᠠ ᠳᠣᠲᠣᠭᠠᠳᠤ ᠠᠵᠢᠯ ᠲᠥᠷᠥᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠬᠢᠭᠡᠳ ᠥᠯᠢᠭᠡᠷ ᠡᠳ᠋ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠂ ᠱᠠᠲᠤ ᠦᠶᠡᠴᠢ ᠴᠢᠨᠠᠷᠲᠠᠢ ᠦᠷ᠎ᠡ ᠪᠦᠲᠦᠭᠡᠯ ᠢ ᠪᠣᠶ ᠪᠣᠯᠭᠠᠨ᠎ᠠ᠃ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ ᠳᠣᠲᠣᠭᠠᠳᠤ ᠠᠵᠢᠯ ᠲᠥᠷᠥᠯ ᠤᠨ ᠰᠢᠯᠭᠠᠯᠲᠠ ᠶᠢᠨ ᠰᠢᠨᠵᠢᠯᠡᠨ ᠰᠢᠯᠭᠠᠬᠤ ᠴᠠᠭ ᠢ 2024 ᠣᠨ ᠤ 11 ᠰᠠᠷ᠎ᠠ ᠶᠢᠨ ᠰᠡᠭᠦᠯᠴᠢ ᠪᠣᠯᠲᠠᠯ᠎ᠠ ᠶᠠᠪᠤᠭᠳᠠᠭᠤᠯᠤᠨ᠎ᠠ᠃      2025 ᠣᠨ ᠤ ᠳᠡᠭᠡᠷ᠎ᠡ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠯᠡᠬᠦ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ᠂ ᠰᠢᠩᠭᠡᠭᠡᠨ ᠣᠷᠣᠭᠤᠯᠬᠤ ᠵᠡᠷᠭᠡ ᠠᠵᠢᠯ ᠢ ᠪᠡᠶᠡᠯᠡᠭᠦᠯᠵᠦ᠂ ᠭᠤᠷᠪᠠᠳᠤᠭᠠᠷ ᠤᠳᠠᠭᠠᠨ ᠤ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠦᠨᠳᠦᠰᠦᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠪᠦᠷᠢᠯᠳᠦᠭᠦᠯᠦᠨ᠎ᠡ︔ ᠳᠣᠣᠷ᠎ᠠ ᠬᠠᠭᠠᠰ ᠵᠢᠯ ᠳᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠢᠯᠭᠠᠨ ᠠᠪᠬᠤ᠂ ᠬᠤᠷᠢᠶᠠᠩᠭᠤᠶᠢᠯᠠᠨ ᠲᠤᠰᠢᠶᠠᠬᠤ ᠪᠠ ᠳ᠋ᠦᠩᠨᠡᠬᠦ ᠶᠢ ᠪᠡᠶᠡᠯᠡᠭᠦᠯᠵᠦ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠬᠥᠮᠥᠷᠭᠡ ᠪᠠ ᠥᠯᠢᠭᠡᠷ ᠡᠳ᠋ ᠤᠨ ᠬᠥᠮᠥᠷᠭᠡ ᠶᠢ ᠪᠠᠶᠢᠭᠤᠯᠵᠤ᠂ ᠪᠥᠬᠦ ᠣᠷᠣᠨ ᠤ ᠲᠠᠷᠢᠶᠠᠨ ᠭᠠᠵᠠᠷ ᠤᠨ ᠰᠢᠮᠡᠯᠢᠭ ᠴᠢᠨᠠᠷ ᠤᠨ ᠮᠡᠳᠡᠭᠦᠯᠦᠯᠲᠡ ᠪᠠ ᠪᠥᠬᠦ ᠣᠷᠣᠨ ᠤ ᠬᠥᠷᠥᠰᠥ ᠰᠢᠷᠣᠢ ᠶᠢᠨ ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠪᠣᠶ ᠪᠣᠯᠭᠠᠨ᠎ᠠ᠃      ︵ᠵᠢᠷᠭᠤᠭ᠎ᠠ︶ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ      ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠬᠥᠮᠥᠷᠭᠡ ᠬᠢᠭᠡᠳ ᠥᠯᠢᠭᠡᠷ ᠡᠳ᠋ ᠤᠨ ᠬᠥᠮᠥᠷᠭᠡ ᠶᠢ ᠪᠠᠶᠢᠭᠤᠯᠵᠤ᠂ ᠪᠥᠬᠦ ᠣᠷᠣᠨ ᠤ ᠲᠠᠷᠢᠶᠠᠨ ᠭᠠᠵᠠᠷ ᠤᠨ ᠰᠢᠮᠡᠯᠢᠭ ᠴᠢᠨᠠᠷ ᠤᠨ ᠮᠡᠳᠡᠭᠦᠯᠦᠯᠲᠡ ᠪᠠ ᠪᠥᠬᠦ ᠣᠷᠣᠨ ᠤ ᠬᠥᠷᠥᠰᠥ ᠰᠢᠷᠣᠢ ᠶᠢᠨ ᠠᠰᠢᠭᠯᠠᠯᠲᠠ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢᠨ ᠮᠡᠳᠡᠭᠦᠯᠦᠯᠲᠡ ᠶᠢ ᠪᠣᠶ ᠪᠣᠯᠭᠠᠨ᠎ᠠ᠃      ︵ᠲᠤᠯᠤᠭ᠎ᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠯ ᠪᠥᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠨᠦᠭᠦᠳ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠢᠭᠲᠠᠷᠠᠨ ᠬᠠᠮᠵᠢᠯᠴᠠᠨ᠂ ᠮᠡᠷᠭᠡᠵᠢᠯ ᠤᠨ ᠵᠢᠯᠣᠭᠤᠳᠤᠯᠭ᠎ᠠ᠂ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ᠂ ᠶᠠᠰᠤ ᠴᠢᠨᠠᠷ ᠢ ᠡᠵᠡᠮᠳᠡᠬᠦ᠂ ᠵᠠᠷᠤᠳᠠᠯ ᠡᠳ᠋ ᠪᠠᠷᠠᠭ᠎ᠠ ᠶᠢ ᠪᠠᠲᠤᠯᠠᠬᠤ ᠵᠡᠷᠭᠡ ᠠᠵᠢᠯ ᠢ ᠴᠢᠩᠭᠠᠳᠬᠠᠬᠤ ᠬᠡᠷᠡᠭᠲᠡᠢ᠃ ᠠᠶᠢᠮᠠᠭ ᠬᠤᠳᠠ᠂ ᠬᠤᠰᠢᠭᠤ ᠰᠢᠶᠠᠨ ᠤ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠲᠤᠬᠠᠢ ᠶᠢᠨ ᠭᠠᠵᠠᠷ ᠤᠨ ᠬᠥᠷᠥᠰᠥ ᠰᠢᠷᠣᠢ ᠶᠢ ᠨᠡᠶᠢᠳᠡᠮ ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠲᠤᠯᠠ᠂ ᠬᠠᠷᠢᠴᠠᠩᠭᠤᠢ ᠪᠦᠬᠦᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠬᠢᠭᠡᠳ ᠠᠯᠪᠠᠨ ᠭᠡᠷ ᠢ ᠵᠣᠬᠢᠶᠠᠨ ᠪᠠᠶᠢᠭᠤᠯᠵᠤ ᠰᠢᠰᠲ᠋ᠧᠮ ᠲᠠᠢ ᠪᠠᠷ ᠲᠥᠯᠥᠪᠯᠡᠵᠦ᠂ ᠨᠢᠭᠡᠳᠦᠯᠲᠡᠢ ᠲᠥᠯᠥᠪᠯᠡᠨ‌ᠠᠬᠢᠭᠤᠯᠬᠤ ᠬᠡᠷᠡᠭᠲᠡᠢ᠃      ᠬᠤᠶᠠᠷ ᠲᠤ᠂ ᠮᠡᠷᠭᠡᠵᠢᠯ ᠤᠨ ᠪᠠᠲᠤᠯᠠᠭ᠎ᠠ᠃ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠪᠣᠯᠣᠨ ᠲᠤᠰᠬᠠᠢ ᠮᠡᠷᠭᠡᠵᠢᠯᠲᠡᠨ ᠤ ᠯᠠᠪᠯᠠᠯᠭ᠎ᠠ ᠥᠭᠬᠦ ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ ᠮᠡᠷᠭᠡᠵᠢᠯ ᠤᠨ ᠳᠤᠭᠤᠶᠢᠯᠠᠩ ᠨᠢ ᠥᠪᠡᠷᠲᠡᠭᠡᠨ ᠵᠠᠰᠠᠭ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠤᠨ ᠶᠡᠭᠡ ᠰᠤᠷᠭᠠᠭᠤᠯᠢ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠨᠢᠭᠡᠴᠢ ᠶᠢᠨ ᠬᠠᠮᠢᠶ᠎ᠠ ᠪᠦᠬᠦᠢ ᠮᠡᠷᠭᠡᠵᠢᠯ ᠤᠨ ᠠᠵᠢᠯᠲᠠᠨ ᠢᠶᠠᠷ ᠪᠦᠷᠢᠯᠳᠦᠵᠦ᠂ ᠪᠦᠬᠦ ᠣᠷᠣᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠲᠤᠰᠬᠠᠢ ᠮᠡᠷᠭᠡᠵᠢᠯᠲᠡᠨ ᠤ ᠠᠰᠠᠭᠤᠨ ᠯᠠᠪᠯᠠᠬᠤ ᠳᠤᠭᠤᠶᠢᠯᠠᠩ ᠨᠢ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠠ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠲᠠᠢ ᠲᠤᠰᠬᠠᠢ ᠮᠡᠷᠭᠡᠵᠢᠯᠲᠡᠨ ᠢᠶᠠᠷ ᠪᠦᠷᠢᠯᠳᠦᠵᠦ᠂ ᠬᠠᠮᠢᠶ᠎ᠠ ᠪᠦᠬᠦᠢ ᠲᠥᠰᠥᠯ ᠢ ᠬᠢᠨᠠᠨ ᠪᠠᠶᠢᠴᠠᠭᠠᠬᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠬᠦ᠂ ᠮᠡᠷᠭᠡᠵᠢᠯ ᠤᠨ ᠪᠣᠯᠪᠠᠰᠤᠷᠠᠯ ᠬᠢᠬᠦ᠂ ᠲᠤᠬᠠᠢ ᠶᠢᠨ ᠭᠠᠵᠠᠷ ᠲᠤ ᠨᠢ ᠵᠢᠯᠤᠭᠤᠳᠬᠤ ᠵᠡᠷᠭᠡ ᠶᠢ ᠬᠠᠷᠢᠭᠤᠴᠠᠨ᠎ᠠ᠃      ᠭᠤᠷᠪᠠ ᠳᠤ᠂ ᠵᠠᠷᠤᠳᠠᠯ ᠤᠨ ᠪᠠᠲᠤᠯᠠᠭ᠎ᠠ᠃ ᠲᠣᠰ ᠤᠳᠠᠭᠠᠨ ᠤ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠲᠥᠪ ᠤᠨ ᠡᠳ᠋ ᠤᠨ ᠵᠠᠰᠠᠭ ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠡᠭᠦᠷᠭᠡᠯᠡᠬᠦ ᠠᠵᠢᠯ ᠤᠨ ᠡᠭᠦᠷᠭᠡ ᠪᠠᠷ ᠢᠶᠠᠨ ᠬᠤᠪᠢᠶᠠᠨ ᠡᠭᠦᠷᠭᠡᠯᠡᠨ᠎ᠡ᠃ ᠣᠷᠣᠨ ᠨᠤᠲᠤᠭ ᠤᠨ ᠡᠳ᠋ ᠤᠨ ᠵᠠᠰᠠᠭ ᠨᠢ ᠲᠣᠰ ᠣᠷᠣᠨ ᠪᠦᠰᠡ ᠶᠢᠨ ᠢᠶᠠᠨ ᠬᠡᠭᠡᠷ᠎ᠡ ᠶᠢᠨ ᠠᠵᠢᠯ ᠲᠥᠷᠥᠯ ᠤᠨ ᠪᠠᠶᠢᠴᠠᠭᠠᠯᠲᠠ ᠶᠢᠨ ᠥᠯᠢᠭᠡᠷ ᠠᠪᠬᠤ᠂ ᠳᠣᠲᠣᠭᠠᠳᠤ ᠠᠵᠢᠯ ᠲᠥᠷᠥᠯ ᠤᠨ ᠰᠢᠯᠭᠠᠨ ᠪᠠᠶᠢᠴᠠᠭᠠᠵᠤ ᠰᠢᠨᠵᠢᠯᠡᠨ ᠰᠢᠯᠭᠠᠬᠤ᠂ ᠮᠡᠷᠭᠡᠵᠢᠯ ᠤᠨ ᠪᠣᠯᠪᠠᠰᠤᠷᠠᠯ᠂ ᠲᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠦᠢᠯᠡᠴᠢᠯᠡᠭᠡ᠂ ᠲᠤᠭ᠎ᠠ ᠪᠠᠷᠢᠮᠲᠠ ᠶᠢᠨ ᠵᠠᠳᠠᠯᠤᠯᠲᠠ᠂ ᠦᠷ᠎ᠡ ᠪᠦᠲᠦᠭᠡᠯ ᠤᠨ ᠬᠤᠷᠢᠶᠠᠩᠭᠤᠶᠢᠯᠠᠯ ᠪᠠ ᠳ᠋ᠠᠶᠢᠲ᠋ᠠ ᠶᠢᠨ ᠬᠥᠮᠥᠷᠭᠡ ᠪᠠ ᠥᠯᠢᠭᠡᠷ ᠡᠳ᠋ ᠤᠨ ᠬᠥᠮᠥᠷᠭᠡ ᠶᠢᠨ ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠷᠤᠳᠠᠯ ᠢ ᠵᠣᠬᠢᠬᠤ ᠣᠨ ᠤ ᠲᠥᠰᠥᠪ ᠲᠤ ᠣᠷᠣᠭᠤᠯᠤᠨ ᠪᠠᠲᠤᠯᠠᠬᠤ ᠬᠡᠷᠡᠭᠲᠡᠢ᠃      ᠳᠥᠷᠪᠡ ᠳᠤ᠂ ᠤᠬᠠᠭᠤᠯᠭ᠎ᠠ ᠶᠢᠨ ᠪᠠᠲᠤᠯᠠᠭ᠎ᠠ᠃ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ ᠰᠠᠶᠢᠲᠤᠷ ᠬᠡᠷᠡᠭᠯᠡᠨ᠂ ᠬᠥᠷᠥᠰᠥ ᠰᠢᠷᠣᠢ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠪᠣᠯᠣᠨ ᠱᠠᠭᠠᠷᠳᠠᠯᠭ᠎ᠠ ᠶᠢ ᠥᠷᠭᠡᠨ ᠢᠶᠠᠷ ᠤᠬᠠᠭᠤᠯᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠶᠢ ᠬᠢᠨᠠᠮᠠᠭᠠᠢ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠤᠢ ᠪᠣᠯᠭᠠᠵᠤ ᠥᠭᠭᠦᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ