ᠤᠯᠠᠭᠠᠨᠴᠠᠪ ᠬᠤᠲᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠵᠠᠬᠢᠳᠠᠯ ᠰᠣᠷᠪᠤᠯᠵᠢᠯᠠᠯ ᠤᠨ ᠬᠡᠷᠡᠭ ᠢ ᠭᠦᠢᠴᠡᠳᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/13
      4 ᠰᠠᠷ᠎ᠠ ᠶᠢᠨ 11 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠵᠠᠬᠢᠳᠠᠯ ᠰᠣᠷᠪᠤᠯᠵᠢᠯᠠᠯ ᠤᠨ ᠬᠡᠷᠡᠭ ᠢ ᠭᠦᠢᠴᠡᠳᠬᠡᠨ ᠨᠠᠶᠢᠳᠠᠪᠤᠷᠢᠵᠢᠭᠤᠯᠬᠤ ᠶᠢ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠰᠦᠢ ᠸᠧᠢ ᠵᠢᠶᠦ᠋ᠨ ᠵᠢᠭᠠᠵᠤ ᠭᠠᠷᠭᠠᠭᠰᠠᠨ ᠨᠢ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠬᠦ ᠨᠢ ᠶᠡᠷᠦᠩᠬᠡᠢ ᠱᠦᠵᠢ ᠰᠢ ᠶᠢᠨ ᠫᠢᠩ ᠤᠨ ᠦᠪᠡᠷ ᠢᠶᠠᠨ ᠰᠤᠳᠤᠯᠵᠤ᠂ ᠦᠪᠡᠷ ᠢᠶᠠᠨ ᠠᠬᠢᠭᠤᠯᠵᠤ᠂ ᠦᠪᠡᠷ ᠢᠶᠠᠨ ᠱᠠᠯᠠᠪᠳᠠᠭᠤᠯᠤᠨ ᠨᠠᠶᠢᠳᠠᠪᠤᠷᠢᠵᠢᠭᠤᠯᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠣᠯᠣᠨ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠪᠣᠳᠠᠲᠠᠢ ᠦᠢᠯᠡᠳᠦᠯᠭᠡ ᠪᠣᠯᠣᠨ᠎ᠠ᠃ ᠪᠥᠬᠦ ᠬᠤᠲᠠ ᠶᠢᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠨᠤᠯᠵᠢᠬᠤᠨ ᠢ ᠢᠮᠠᠭᠲᠠ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠬᠤ᠂ ᠪᠣᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠨ᠂ ᠤᠯᠤᠰ ᠲᠥᠷᠥ ᠶᠢᠨ ᠲᠠᠯ᠎ᠠ ᠠᠴᠠ ᠬᠠᠷᠠᠬᠤ᠂ ᠤᠯᠤᠰ ᠲᠥᠷᠥ ᠶᠢᠨ ᠲᠠᠯ᠎ᠠ ᠠᠴᠠ ᠰᠢᠢᠳᠪᠦᠷᠢᠯᠡᠬᠦ ᠶᠢ ᠪᠠᠷᠢᠮᠲᠠᠯᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠ ᠬᠤᠸᠠᠷ ᠬᠠᠳᠬᠤᠬᠤ ᠡᠷᠳᠡᠮ ᠢᠶᠠᠷ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠵᠠᠬᠢᠳᠠᠯ ᠰᠣᠷᠪᠤᠯᠵᠢᠯᠠᠯ ᠤᠨ ᠬᠡᠷᠡᠭ ᠢ ᠭᠦᠢᠴᠡᠳᠬᠡᠨ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠭᠡᠵᠡᠢ᠃      ᠰᠦᠢ ᠸᠧᠢ ᠵᠢᠶᠦ᠋ᠨ ᠴᠢᠬᠤᠯᠠᠴᠢᠯᠠᠭᠰᠠᠨ ᠨᠢ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠢ ᠪᠤᠢ ᠪᠣᠯᠭᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠰᠢᠢᠳᠪᠦᠷᠢᠯᠡᠭᠦᠯᠬᠦ ᠪᠠᠷ ᠲᠤᠰᠢᠶᠠᠭᠰᠠᠨ ᠵᠠᠬᠢᠳᠠᠯ ᠰᠣᠷᠪᠤᠯᠵᠢᠯᠠᠯ ᠤᠨ ᠬᠡᠷᠡᠭ ᠢ ᠭᠦᠢᠴᠡᠳᠬᠡᠬᠦ ᠶᠢ ᠲᠡᠷᠡ ᠬᠡᠪ ᠢᠶᠠᠷ ᠨᠢ ᠠᠬᠢᠭᠤᠯᠵᠤ᠂ ᠤᠳᠤᠷᠢᠳᠬᠤ ᠺᠠᠳ᠋ᠷ ᠤᠨ ᠵᠠᠬᠢᠳᠠᠯ ᠰᠣᠷᠪᠤᠯᠵᠢᠯᠠᠯ ᠤᠨ ᠬᠡᠷᠡᠭ ᠢ ᠳᠠᠭᠠᠭᠠᠴᠢᠯᠠᠬᠤ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠬᠦᠴᠦᠯᠡᠨ ᠰᠢᠢᠳᠪᠦᠷᠢᠯᠡᠵᠦ᠂ ᠤᠴᠢᠷ ᠶᠠᠪᠤᠳᠠᠯ ᠢ ᠰᠢᠢᠳᠪᠦᠷᠢᠯᠡᠨ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠬᠥᠭᠵᠢᠯᠲᠡ ᠶᠢᠨ ᠰᠡᠳᠬᠢᠴᠡ ᠪᠠᠨ ᠬᠤᠪᠢᠷᠠᠭᠤᠯᠵᠤ᠂ ︽ᠭᠤᠷᠪᠠᠨ ᠨᠢᠭᠡ ᠪᠦᠯᠦᠭ︾ ︽ᠳᠦᠭᠦᠮᠴᠢᠯᠡᠬᠦ᠂ ᠤᠶᠤᠨᠴᠢᠯᠠᠬᠤ᠂ ᠣᠨᠴᠠᠯᠢᠭᠵᠢᠭᠤᠯᠬᠤ᠂ ᠬᠦᠮᠦᠨᠴᠢᠯᠡᠬᠦ᠂ ᠵᠢᠷᠤᠮᠵᠢᠭᠤᠯᠬᠤ ᠥᠭᠡᠷᠡᠴᠢᠯᠡᠯᠲᠡ︾ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠦᠷᠢᠮ ᠲᠣᠭᠲᠠᠭᠠᠯ ᠲᠣᠭᠲᠠᠭᠠᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠦᠬᠦᠪᠦᠷᠢᠯᠡᠬᠦ ᠶᠢ ᠲᠦᠷᠭᠡᠳᠬᠡᠨ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠪᠣᠯᠣᠨ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠢ ᠡᠪᠳᠡᠬᠦ ᠪᠠ ᠨᠥᠯᠥᠭᠡᠯᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠴᠢᠩᠭᠠᠳᠬᠠᠨ᠂ ︽ᠭᠤᠷᠪᠠ ᠶᠢ ᠪᠤᠲᠠᠲᠠᠶᠢᠵᠢᠭᠤᠯᠤᠨ ᠨᠢᠭᠡ ᠶᠢ ᠰᠢᠢᠳᠪᠦᠷᠢᠯᠡᠬᠦ︾ ᠱᠠᠭᠠᠷᠳᠠᠯᠭ᠎ᠠ ᠶᠣᠰᠣᠭᠠᠷ᠂ ᠵᠠᠬᠢᠳᠠᠯ ᠰᠣᠷᠪᠤᠯᠵᠢᠯᠠᠯ ᠤᠨ ᠵᠦᠢᠯᠡᠰ ᠢ ᠲᠥᠪᠯᠡᠷᠡᠭᠦᠯᠦᠨ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠯ ᠤᠨ ᠠᠵᠢᠯ ᠢ ᠤᠶᠤᠨ ᠬᠦᠴᠦ ᠪᠠᠨ ᠲᠦᠪᠯᠡᠷᠡᠭᠦᠯᠦᠨ ᠰᠠᠶᠢᠲᠤᠷ ᠬᠢᠵᠦ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠲᠣᠭᠠᠴᠢᠯᠲᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠠᠮᠤᠷ ᠲᠣᠭᠲᠠᠭᠤᠨ ᠪᠠᠶᠢᠳᠠᠯ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ᠃ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤ ᠨᠢ ᠣᠯᠠᠨ ᠲᠦᠮᠡᠨ ᠳᠤ ᠮᠡᠳᠡᠭᠳᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠣᠯᠠᠨ ᠲᠦᠮᠡᠨ ᠢ ᠬᠠᠨᠤᠮᠵᠢᠲᠠᠢ ᠪᠠᠶᠢᠯᠭᠠᠬᠤ ᠬᠡᠷᠡᠭᠲᠡᠢ ᠭᠡᠵᠡᠢ᠃      ᠰᠦᠢ ᠸᠧᠢ ᠵᠢᠶᠦ᠋ᠨ ᠴᠢᠬᠤᠯᠠᠴᠢᠯᠠᠭᠰᠠᠨ ᠨᠢ᠂ ᠠᠵᠢᠯ ᠤᠨ ᠬᠠᠷᠢᠭᠤᠴᠠᠯᠭ᠎ᠠ ᠪᠠᠨ ᠴᠢᠩᠭᠠᠳᠬᠠᠨ ᠪᠣᠳᠠᠲᠠᠶᠢᠵᠢᠭᠤᠯᠵᠤ᠂ ᠬᠤᠰᠢᠭᠤ ᠰᠢᠶᠠᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠵᠠᠬᠢᠳᠠᠯ ᠰᠣᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠭᠠᠷᠳᠠᠨ ᠠᠵᠢᠯᠯᠠᠵᠤ᠂ ᠦᠪᠡᠷ ᠢᠶᠠᠨ ᠠᠬᠢᠭᠤᠯᠵᠤ᠂ ᠦᠪᠡᠷ ᠢᠶᠠᠨ ᠲᠣᠬᠢᠷᠠᠭᠤᠯᠤᠨ᠂ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠮᠢᠶ᠎ᠠ ᠪᠦᠬᠦᠢ ᠠᠵᠢᠯ ᠲᠦᠷᠦᠯ ᠪᠠ ᠰᠠᠯᠠᠭ᠎ᠠ ᠮᠥᠴᠢᠷ ᠤᠨ ᠬᠢᠨ ᠪᠣᠳᠠᠲᠠᠢ ᠬᠠᠷᠢᠭᠤᠴᠠᠯᠭ᠎ᠠ ᠶᠢ ᠡᠭᠦᠷᠭᠡᠯᠡᠵᠦ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠤᠨ᠂ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠵᠤ᠂ ᠠᠮᠢ ᠠᠬᠤᠢ ᠶᠢ ᠤᠷᠢᠳ ᠢᠶᠠᠷ ᠪᠣᠳᠤᠯᠬᠢᠯᠠᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠭᠦᠸᠧ ᠭᠠᠩ᠂ ᠶᠤᠸᠠᠨ ᠰᠢᠶᠣᠣ ᠳ᠋ᠦᠩ ᠬᠤᠷᠠᠯ ᠳᠤ ᠣᠷᠣᠯᠴᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ