4 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ ᠬᠤᠷᠢᠶᠠᠨ ᠤ 2021 ᠣᠨ ᠤ | ᠠᠵᠢᠯ ᠤᠨ ᠪᠠᠶᠢᠳᠠᠯ ᠪᠣᠯᠤᠨ 2022 ᠣᠨ ᠤ ᠠᠵᠢᠯ ᠤᠨ ᠲᠤᠬᠢᠷᠠᠭᠤᠯᠤᠯᠳᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠢ ᠬᠢᠨᠠᠨ ᠵᠥᠪᠯᠡᠵᠦ᠂ ᠡᠨᠡ ᠵᠢᠯ ᠤᠨ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ ᠬᠤᠷᠢᠶᠠᠨ ᠤ ᠡᠷᠬᠢᠯᠡᠭᠴᠢ | ᠱᠢ ᠲᠠᠢ ᠹᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ ᠬᠤᠷᠢᠶᠠᠨ ᠤ ᠨᠢᠭᠡᠳᠦᠭᠡᠷ ᠳᠡᠳ᠋ ᠡᠷᠬᠢᠯᠡᠭᠴᠢ ᠸᠠᠩ ᠯᠢ ᠰᠢᠶᠠ᠂ ᠳᠡᠳ᠋ ᠡᠷᠬᠢᠯᠡᠭᠴᠢ | ᠳ᠋ᠢᠩ ᠰᠢᠤ ᠹᠧᠩ᠂ ᠴᠢ᠊ ᠪᠠᠲᠤ᠂ ᠴᠧᠨ ᠯᠦ ᠱᠧᠩ᠂ ᠶᠠᠩ ᠭᠦᠸᠧ ᠠᠨ ᠬᠤᠷᠠᠯ ᠳᠤ ᠣᠷᠣᠯᠴᠠᠵᠠᠶ᠃ | ᠬᠤᠷᠠᠯ ᠠᠴᠠ᠂ ᠬᠢᠯᠢ ᠶᠢᠨ ᠬᠠᠮᠠᠭᠠᠯᠠᠯᠲᠠ ᠶᠢᠨ ᠠᠵᠢᠯ ᠳᠤ ᠪᠠᠭ᠎ᠠ ᠶᠠᠪᠤᠳᠠᠯ ᠭᠡᠵᠦ ᠦᠭᠡᠢ᠂ ᠤᠴᠢᠷ ᠶᠠᠪᠤᠳᠠᠯ ᠪᠤᠯᠭᠠᠨ ᠨᠢ ᠤᠯᠤᠰ ᠤᠨ ᠠᠮᠤᠷ ᠲᠦᠪᠰᠢᠨ ᠲᠠᠢ | ᠬᠤᠯᠪᠣᠭᠳᠠᠵᠤ᠂ ᠬᠥᠭᠵᠢᠯᠲᠡ ᠶᠢᠨ ᠪᠦᠬᠦ ᠲᠠᠯ᠎ᠠ ᠲᠠᠢ ᠬᠤᠯᠪᠣᠭᠳᠠᠨ᠎ᠠ᠃ ᠥᠪᠥᠷ ᠮᠣᠩᠭᠤᠯ ᠤᠨ ᠬᠢᠯᠢ ᠶᠢᠨ ᠱᠤᠭᠤᠮ ᠣᠷᠳᠣ᠂ ᠬᠢᠯᠢ ᠶᠢᠨ ᠪᠣᠭᠤᠮᠲᠠ ᠣᠯᠠᠨ᠂ | ᠬᠢᠯᠢ ᠶᠢᠨ ᠬᠠᠮᠢᠶᠠᠷᠤᠯᠲᠠ ᠶᠢᠨ ᠣᠷᠣᠨ ᠶᠡᠭᠡ ᠪᠠᠶᠢᠵᠤ᠂ ᠤᠯᠤᠰ ᠤᠨ ᠬᠢᠯᠢ ᠬᠢᠵᠠᠭᠠᠷ ᠤᠷᠤᠨ᠂ ᠲᠡᠯᠡᠶ ᠲᠠᠭᠠᠦ ᠤᠷᠤᠨ ᠪᠠ ᠲᠡᠯᠡᠢ ᠲᠡᠭᠡᠷᠡᠬᠢ ᠬᠠᠮᠠᠭᠠᠯᠠᠯᠲᠠ ᠶᠢᠨ ᠪᠥᠬᠦ | ᠲᠠᠯ᠎ᠠ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠂ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠪᠣᠯ ᠪᠢᠳᠡᠨ ᠤ ᠴᠠᠭ | ᠢᠮᠠᠭᠲᠠ ᠪᠠᠲᠤ ᠴᠡᠭᠡᠵᠢᠯᠡᠵᠦ ᠪᠠᠲᠤ ᠡᠭᠦᠷᠭᠡᠯᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠦᠨ᠃ ᠢᠯᠠᠩᠭᠤᠶ᠎ᠠ ᠡᠨᠡ ᠵᠢᠯ ᠰᠢᠭ ᠣᠨᠴᠠᠭᠠᠢ ᠪᠥᠭᠡᠳ | ᠴᠢᠬᠤᠯᠠ ᠵᠢᠯ ᠳᠤ᠂ ᠪᠢᠳᠡ ᠨᠡᠩ ᠴᠤ ᠤᠯᠤᠰ ᠲᠦᠷᠦ᠂ ᠪᠦᠬᠦ ᠲᠠᠯ᠎ᠠ ᠪᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠬᠢᠯᠢ ᠶᠢᠨ ᠬᠠᠮᠠᠭᠠᠯᠠᠯᠲᠠ ᠶᠢᠨ ᠠᠵᠢᠯ ᠳᠤ | ᠬᠠᠨᠳᠤᠵᠤ᠂ ᠡᠨᠡ ᠬᠦ ᠠᠵᠢᠯ ᠢ ᠰᠠᠶᠢᠲᠤᠷ ᠬᠢᠬᠦ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ | ᠪᠠᠬᠢᠵᠢᠭᠦᠯᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ | ᠶᠡᠷᠦᠩᠬᠡᠶ ᠱᠦᠵᠢ ᠰᠢ ᠶᠢᠨ ᠫᠢᠩ ᠤᠨ ᠬᠢᠯᠢ ᠬᠢᠵᠠᠭᠠᠷ ᠤᠷᠤᠨ᠂ ᠲᠡᠯᠡᠶ ᠲᠠᠭᠠᠦ ᠤᠷᠤᠨ ᠪᠠ ᠲᠠᠯᠠᠢ ᠲᠡᠭᠡᠷᠡᠬᠢ ᠬᠠᠮᠠᠭᠠᠯᠠᠯᠲᠠ ᠶᠢᠨ ᠠᠵᠢᠯ ᠤᠨ ᠲᠤᠬᠠᠶ ᠴᠢᠬᠤᠯᠠ | ᠥᠭᠦᠯᠡᠯᠲᠡ ᠪᠣᠯᠤᠨ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠲᠤᠬᠠᠶ | ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠷᠢᠭ᠎ᠠ ᠱᠤᠭᠤᠮ ᠤᠨ ᠰᠡᠳᠭᠢᠬᠦᠶ ᠶᠢ | ᠪᠠᠲᠤ ᠪᠣᠶ ᠪᠣᠯᠭᠠᠵᠤ᠂ ᠠᠵᠢᠯ ᠤᠨ ᠰᠠᠭᠤᠷᠢ ᠪᠠᠨ ᠪᠠᠬᠢᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠤᠯᠤᠰ ᠤᠨ ᠡᠭᠦᠳᠡ ᠶᠢ ᠡᠷᠡᠰ ᠰᠠᠶᠢᠲᠤᠷ | ᠰᠠᠬᠢᠵᠤ᠂ ᠬᠢᠯᠢ ᠬᠢᠵᠠᠭᠠᠷ ᠢᠶᠠᠨ ᠰᠠᠶᠢᠲᠤᠷ ᠬᠠᠮᠢᠶᠠᠷᠴᠤ᠂ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠰᠠᠶᠢᠲᠤᠷ ᠪᠥᠲᠥᠭᠡᠨ ᠪᠠᠶᠢᠭᠤᠯᠵᠤ᠂ ᠥᠪᠥᠷ ᠮᠣᠩᠭᠤᠯ ᠤᠨ ᠲᠣᠭᠲᠠᠭᠤᠨ ᠢ ᠬᠠᠮᠠᠭᠠᠯᠠᠬᠤ ᠪᠠᠷ ᠬᠢᠯᠢ ᠬᠢᠵᠠᠭᠠᠷ ᠤᠨ ᠠᠮᠤᠷ | ᠲᠦᠪᠰᠢᠨ ᠢ ᠦᠨᠡᠨ ᠬᠦ ᠬᠠᠮᠠᠭᠠᠯᠠᠵᠤ᠂ ᠨᠡᠶᠢᠰᠯᠡᠯ ᠤᠨ ᠠᠮᠤᠷ ᠲᠦᠪᠰᠢᠨ ᠢ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠬᠢᠯᠢ ᠳᠠᠭᠠᠤ ᠡᠯ᠎ᠡ ᠭᠠᠵᠠᠷ ᠣᠷᠣᠨ ᠪᠣᠯᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠰᠠᠨᠠᠭᠠᠰᠢᠷᠠᠬᠤ ᠤᠬᠠᠮᠰᠠᠷ ᠢᠶᠠᠨ | ᠴᠢᠩᠭᠠᠳᠬᠠᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢᠨ ᠡᠬᠢ ᠡᠭᠦᠰᠦᠯ᠂ ᠠᠶᠤᠯ ᠲᠦᠭᠰᠢᠭᠦᠷᠢ ᠶᠢᠨ | ᠴᠡᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠲᠥᠰᠦᠯ ᠢ ᠨᠠᠷᠢᠨ ᠬᠢᠨᠠᠮᠠᠭᠠᠶ ᠰᠤᠳᠤᠯᠤᠨ ᠲᠣᠭᠲᠠᠭᠠᠵᠤ᠂ ᠪᠣᠳᠠᠲᠠᠶ ᠶᠢ ᠡᠷᠬᠢᠮᠯᠡᠭᠰᠡᠨ | ᠪᠦᠲᠦᠮᠵᠢᠲᠡᠶ ᠠᠷᠭ᠎ᠠ ᠬᠡᠮᠵᠢᠶ᠎ᠡ ᠠᠷᠭ᠎ᠠ ᠪᠠᠷᠢᠯ ᠠᠪᠴᠤ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠢ ᠨᠥᠯᠥᠭᠡᠯᠡᠬᠦ ᠠᠯᠢᠪᠠ ᠠᠶᠤᠯ ᠲᠦᠭᠰᠢᠭᠦᠷᠢ ᠬᠡᠮ | ᠰᠣᠭᠤᠭ ᠢ ᠡᠷᠡᠰ ᠠᠷᠢᠯᠭᠠᠬᠤ ᠬᠡᠷᠡᠭᠲᠡᠶ᠃ ᠬᠢᠯᠢ ᠶᠢ ᠬᠠᠮᠢᠶᠠᠷᠤᠨ ᠡᠵᠡᠮᠳᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠠᠷᠭ᠎ᠠ ᠪᠠᠷᠢᠯ ᠪᠣᠯᠤᠨ ᠤᠯᠠᠮᠵᠢᠯᠠᠯᠲᠤ ᠠᠷᠭ᠎ᠠ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠪᠣᠰᠤᠭ᠎ᠠ ᠴᠣᠭᠴᠠᠲᠤ ᠣᠶᠤᠨᠴᠢ ᠬᠠᠮᠢᠶᠠᠷᠤᠨ | ᠡᠵᠡᠮᠳᠡᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ᠂ ᠬᠢᠯᠢ ᠶᠢᠨ ᠬᠠᠮᠠᠭᠠᠯᠠᠭᠴᠢ ᠶᠢᠨ ᠡᠩᠨᠡᠭᠡ ᠶᠢ ᠲᠡᠭᠦᠯᠳᠡᠷᠵᠢᠭᠦᠯᠵᠦ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠮᠠᠨᠳᠤᠭᠤᠯᠬᠤ ᠳᠠᠶᠢᠴᠢᠨ ᠪᠠᠬᠢᠯᠡᠯᠲᠡ ᠶᠢᠨ | ᠦᠶᠯᠡᠳᠦᠯ ᠢ ᠭᠦᠶᠴᠡᠳ ᠪᠠᠳᠠᠷᠠᠭᠤᠯᠬᠤ ᠬᠡᠷᠡᠭᠲᠡᠶ᠃ ᠬᠢᠵᠢᠭ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ ᠴᠢᠬᠤᠯᠠ ᠶᠡᠭᠡ ᠬᠠᠷᠢᠭᠤᠴᠠᠯᠭ᠎ᠠ ᠶᠢ | ᠦᠨᠡᠨ ᠬᠦ ᠪᠠᠲᠤ ᠡᠭᠦᠷᠭᠡᠯᠡᠵᠦ᠂ ᠪᠠᠭᠤᠷᠠᠶ ᠭᠤᠭᠴᠤᠭ᠎ᠠ ᠶᠢ ᠪᠠᠶᠢᠩᠭᠤᠵᠢᠭᠤᠯᠤᠨ ᠡᠷᠢᠵᠦ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠨ᠂ ᠬᠢᠯᠢ ᠶᠢᠨ | ᠪᠣᠭᠤᠮᠲᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠭᠤᠤᠯᠳᠠᠯᠭ᠎ᠠ ᠶᠢ ᠳᠣᠪᠣᠶᠢᠯᠭᠠᠨ ᠰᠠᠶᠢᠲᠤᠷ ᠠᠳᠬᠤᠵᠤ᠂ ᠭᠦᠨᠵᠡᠭᠡᠶ | ᠰᠤᠷᠭᠠᠮᠵᠢ ᠠᠪᠴᠤ᠂ ᠭᠤᠤᠯᠳᠠᠯᠭ᠎ᠠ ᠲᠠᠢ ᠭᠤᠭᠴᠤᠭ᠎ᠠ ᠶᠢ ᠨᠢᠭᠲᠠ ᠠᠩᠬᠠᠷᠤᠨ᠂ ᠰᠡᠷᠭᠡᠶᠢᠯᠡᠨ ᠡᠵᠡᠮᠳᠡᠬᠦ ᠨᠠᠷᠢᠨ ᠵᠦᠶᠯᠡᠰ ᠢ ᠴᠢᠩᠭ᠎ᠠ ᠠᠳᠬᠤᠵᠤ᠂ ᠬᠢᠯᠢ ᠶᠢᠨ | ᠪᠣᠭᠤᠮᠲᠠ ᠶᠢᠨ ᠭᠠᠵᠠᠷ ᠣᠷᠣᠨ ᠤ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠦᠨᠡᠨ ᠬᠦ ᠪᠠᠲᠤ ᠪᠠᠬᠢ ᠰᠦᠯᠵᠢᠵᠦ᠂ ᠶᠠᠮᠠᠷ ᠴᠤ ᠠᠰᠠᠭᠤᠳᠠᠯ ᠡᠭᠦᠰᠭᠦ ᠥᠬᠡᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠰᠤᠷᠭᠠᠨ ᠬᠥᠮᠦᠵᠢᠯ ᠠᠴᠠ ᠭᠠᠷᠳᠠᠬᠤ᠂ ᠬᠡᠦᠬᠡᠳ ᠪᠠᠭᠠᠴᠤᠳ ᠠᠴᠠ ᠡᠬᠢᠯᠡᠨ ᠠᠳᠬᠤᠬᠤ᠂ ᠨᠡᠶᠢᠭᠡᠮ ᠤᠨ ᠠᠮᠢᠳᠤᠷᠠᠯ ᠤᠨ ᠡᠯ᠎ᠡ | ᠲᠠᠯ᠎ᠠ ᠠᠴᠠ ᠬᠦᠴᠦᠯᠡᠬᠦ ᠶᠢ ᠪᠠᠷᠢᠮᠲᠠᠯᠠᠵᠤ᠂ ᠬᠡᠯᠪᠡᠷᠢ ᠪᠠ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ | ᠪᠠᠶᠢᠭᠤᠯᠬᠤ ᠠᠵᠢᠯᠯᠠᠭ᠎ᠠ ᠪᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ︽ᠲᠦᠷᠪᠡ ᠶᠢ ᠬᠠᠮᠲᠤ ᠪᠠᠷ ᠡᠳ᠋ᠯᠡᠬᠦ︾ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠭᠢᠯ ᠳᠤ ᠭᠦᠨ ᠬᠠᠳᠠᠩᠰᠢᠭᠤᠯᠵᠤ᠂ ᠥᠷᠭᠡᠨ ᠤᠯᠠᠨ ᠴᠡᠷᠢᠭ | ᠠᠷᠠᠳ ᠤᠨ ᠬᠢᠯᠢ ᠬᠢᠵᠠᠭᠠᠷ ᠢᠶᠠᠨ ᠬᠠᠶᠢᠷᠠᠯᠠᠬᠤ᠂ ᠬᠢᠯᠢ ᠬᠢᠵᠠᠭᠠᠷ ᠲᠤ ᠦᠨᠳᠦᠰᠦᠯᠡᠬᠦ᠂ ᠬᠢᠯᠢ ᠬᠢᠵᠠᠭᠠᠷ ᠢ ᠪᠦᠳᠦᠭᠡᠨ ᠪᠠᠶᠢᠭᠤᠯᠬᠤ᠂ ᠬᠢᠯᠢ ᠬᠢᠵᠠᠭᠠᠷ ᠢ ᠬᠠᠮᠠᠭᠠᠯᠠᠬᠤ ᠶᠢ | ᠠᠬᠢᠭᠤᠯᠬᠤ ᠬᠡᠷᠡᠭᠲᠡᠢ᠃ ᠬᠢᠯᠢ ᠬᠢᠵᠠᠭᠠᠷ ᠢ ᠬᠦᠴᠦᠷᠬᠡᠭᠵᠢᠭᠦᠯᠬᠦ᠂ ᠬᠢᠯᠢ ᠬᠢᠵᠠᠭᠠᠷ ᠢ ᠲᠣᠭᠲᠠᠪᠤᠷᠢᠵᠢᠭᠤᠯᠬᠤ᠂ ᠬᠢᠯᠢ ᠬᠢᠵᠠᠭᠠᠷ ᠢ ᠪᠠᠬᠢᠵᠢᠭᠦᠯᠬᠦ᠂ ᠬᠢᠯᠢ ᠬᠢᠵᠠᠭᠠᠷ ᠢ | ᠪᠠᠶᠠᠵᠢᠭᠤᠯᠬᠤ᠂ ᠬᠢᠯᠢ ᠬᠢᠵᠠᠭᠠᠷ ᠢ ᠡᠪ ᠨᠠᠶᠢᠷᠲᠠᠢ ᠪᠣᠯᠭᠠᠬᠤ ᠰᠢᠰᠲ᠋ᠧᠮ ᠢ ᠲᠥᠯᠥᠪᠵᠢᠭᠦᠯᠵᠦ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠢᠯᠢ | ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠶᠢ ᠬᠢᠯᠢ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠲᠠᠢ ᠨᠢᠭᠡᠳᠭᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠲᠠᠢ ᠨᠢᠭᠡᠳᠭᠡᠵᠦ᠂ ᠬᠢᠯᠢ ᠬᠢᠵᠠᠭᠠᠷ ᠣᠷᠣᠨ ᠤ ᠠᠵᠤ | ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠢᠯᠢ ᠶᠢ ᠰᠠᠬᠢᠵᠤ ᠰᠡᠷᠭᠡᠶᠢᠯᠡᠯᠲᠡ ᠶᠢ ᠪᠠᠬᠢᠵᠢᠭᠦᠯᠬᠦ ᠰᠠᠭᠤᠷᠢ ᠶᠢ ᠪᠠᠬᠢᠵᠢᠭᠦᠯᠬᠦ | ᠬᠡᠷᠡᠭᠲᠡᠶ᠃ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠪᠦᠬᠦᠯᠢ ᠴᠣᠭᠴᠠ ᠶᠢᠨ ᠬᠠᠮᠲᠤᠷᠠᠯ ᠬᠦᠴᠦᠨ ᠢ ᠴᠢᠨᠠᠭᠰᠢᠳᠠ ᠨᠢᠭᠲᠠᠷᠠᠭᠤᠯᠵᠤ᠂ | ᠬᠢᠯᠢ ᠶᠢᠨ ᠬᠠᠮᠠᠭᠠᠯᠠᠯᠲᠠ ᠶᠢᠨ ᠬᠤᠷᠢᠶ᠎ᠠ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠢᠶ᠎ᠠ ᠪᠥᠬᠦᠶ ᠰᠠᠯᠠᠭ᠎ᠠ | ᠮᠥᠴᠢᠷ ᠠᠵᠢᠯ ᠢᠶᠠᠨ ᠬᠤᠪᠢᠶᠠᠷᠢᠯᠠᠨ ᠬᠠᠷᠢᠭᠤᠴᠠᠬᠤ᠂ ᠡᠯ᠎ᠡ ᠬᠦᠷᠢᠶ᠎ᠡ ᠴᠠᠷᠠᠭ᠎ᠠ ᠪᠦᠬᠦᠯᠢ ᠴᠣᠭᠴᠠ ᠪᠠᠷ ᠬᠤᠯᠪᠣᠭᠠᠯᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ | ᠲᠦᠷᠭᠡᠨ ᠠᠬᠢᠭᠤᠯᠵᠤ᠂ ᠴᠡᠷᠢᠭ ᠴᠠᠭᠳᠠᠭ᠎ᠠ ᠪᠠ ᠣᠷᠣᠨ ᠨᠤᠲᠤᠭ ᠤᠨ ᠬᠤᠭᠤᠷᠣᠨᠳᠣᠬᠢ ᠵᠣᠬᠢᠴᠠᠭᠤᠯᠤᠨ ᠬᠤᠯᠪᠣᠭᠠᠯᠠᠬᠤ ᠶᠢ ᠴᠢᠩᠭᠠᠳᠬᠠᠵᠤ᠂ ᠬᠢᠯᠢ ᠶᠢ | ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠠᠭᠠᠯᠠᠯᠲᠠ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠰᠤᠯᠠ ᠣᠷᠣᠯᠴᠠᠵᠠᠢ᠃ |