ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 11 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/18

      4 ᠰᠠᠷ᠎ᠠ ᠶᠢᠨ 15᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠢᠳᠪᠤᠷᠢᠯᠡᠬᠦᠯᠬᠦ ᠪᠠᠷ ᠲᠤᠰᠢᠶᠠᠬᠰᠡᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠵᠡᠷᠭᠡ ᠵᠦᠢᠯ ᠢ ᠰᠤᠳᠤᠯᠵᠠᠢ᠃
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠬᠠᠶᠢᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠱᠠᠭᠠᠷᠳᠠᠯᠭ᠎ᠠ ᠨᠢ ᠬᠠᠶᠢᠨᠠᠨ ᠮᠤᠵᠢ ᠶᠢᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠥᠭᠡᠳ ᠮᠠᠨ ᠤ ᠣᠷᠣᠨ ᠤ ᠣᠳᠣᠬᠠᠨ ᠤ ᠪᠠ ᠠᠯᠤᠰ ᠬᠡᠲᠦ ᠶᠢᠨ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠳᠤ ᠮᠠᠰᠢ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠣᠷᠣᠨ ᠤ ᠪᠣᠳᠠᠲᠤ ᠪᠠᠶᠢᠳᠠᠯ ᠠᠴᠠ ᠡᠭᠦᠰᠦᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠭᠦᠨᠵᠡᠭᠡᠶᠢᠷᠡᠭᠦᠯᠵᠦ᠂ ︽ᠬᠤᠶᠠᠷ ᠢ ᠲᠣᠭᠲᠠᠭᠠᠬᠰᠠᠨ︾᠎ ᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠠᠵᠢᠯ ᠤᠨ ᠳᠤᠮᠳᠠ ᠪᠠᠨ ᠡᠷᠡᠰ ᠨᠠᠶᠢᠳᠠᠪᠤᠷᠢᠵᠢᠭᠤᠯᠵᠤ᠂ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠬᠡᠷᠡᠭᠲᠡᠶ ᠭᠡᠵᠤ ᠵᠢᠭᠠᠵᠤ ᠭᠠᠷᠭᠠᠪᠠ᠃
      ᠬᠤᠷᠠᠯ ᠠᠴᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠭᠤᠰᠢᠯᠠᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠣᠯᠤᠨ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠤᠨ ᠲᠣᠭᠤᠷᠢᠨ ᠳᠤ᠂ ᠳᠠᠪᠠᠭᠤᠯᠢᠭ ᠢᠶᠠᠨ ᠪᠠᠳᠠᠷᠠᠭᠤᠯᠬᠤ᠂ ᠤᠨᠴᠠᠯᠢᠭ ᠢᠶᠠᠨ ᠲᠤᠪᠤᠶᠢᠯᠭᠠᠬᠤ ᠪᠠᠷ ᠴᠢᠷᠮᠠᠶᠢᠵᠤ᠂ ᠪᠣᠬᠢᠷᠲᠤᠯ ᠦᠭᠡᠢ ᠤᠨᠴᠠᠯᠢᠬᠳᠤ ᠳᠠᠪᠠᠭᠤᠯᠢᠭ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠭᠤᠶᠢᠪᠢᠰᠢ ᠥᠬᠡᠶ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠳᠤ ᠲᠠᠯᠪᠢᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠰᠤᠷᠠᠯᠲᠠ ᠥᠬᠡᠶ ᠰᠢᠨ᠎ᠡ ᠳᠠᠪᠰᠢᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠶ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠮᠠᠯ ᠠᠵᠤ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠤᠶᠢᠪᠢᠰᠢ ᠦᠭᠡᠢ ᠪᠠᠷᠢᠮᠲᠠᠯᠠᠵᠤ᠂ ︽ᠨᠢᠭᠡ ᠪᠦᠰᠡ ᠨᠢᠭᠡ ᠵᠠᠮ︾᠎ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠲᠦᠷᠭᠡᠳᠭᠡᠨ ᠪᠠᠶᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠡᠳᠭᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠭᠦᠨᠵᠡᠭᠡᠢ ᠠᠬᠢᠭᠤᠯᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠦ ᠨᠠᠮ ᠤᠨ ᠡᠯ᠎ᠡ ᠲᠠᠯ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠡᠬᠦᠰᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠣᠯᠤᠨ ︽ᠡᠪᠡᠳᠴᠢᠨ ᠤ ᠵᠢᠱᠢᠶ᠎ᠠ ᠶᠢ ᠲᠠᠷᠤᠢ ᠲᠦᠷᠭᠡᠨ ᠦᠭᠡᠢ ᠪᠤᠯᠭᠠᠬᠤ︾ ᠶᠡᠷᠦᠩᠬᠡᠶ ᠴᠢᠭᠯᠡᠯᠲᠡ ᠶᠢ ᠭᠤᠶᠢᠪᠢᠰᠢ ᠥᠬᠡᠶ ᠪᠠᠷᠢᠮᠲᠠᠯᠠᠵᠤ᠂ ᠬᠢᠵᠢᠭ ᠤᠨ ᠪᠠᠶᠢᠳᠠᠯ ᠤᠨ ᠬᠡᠪᠴᠢᠶᠠᠵᠢᠯ ᠤᠨ ᠴᠢᠨᠠᠷᠳᠠᠢ ᠳᠠᠬᠢᠨ ᠡᠬᠦᠰᠬᠦ ᠶᠢ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ ᠭᠡᠵᠤ ᠴᠢᠬᠤᠯᠠᠴᠢᠯᠠᠪᠠ᠃
      ᠬᠤᠷᠠᠯ ᠠᠴᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠰᠢᠢᠳᠪᠤᠷᠢᠯᠡᠬᠦᠯᠬᠦ ᠪᠠᠷ ᠲᠤᠰᠢᠶᠠᠭᠰᠠᠨ ᠦᠵᠦᠬᠦᠷ ᠪᠠᠯᠭᠠᠰᠤᠨ ᠤ ᠭᠠᠵᠠᠷ ᠣᠷᠣᠨ ᠳᠤ ᠬᠠᠤᠯᠢ ᠠᠴᠠ ᠵᠥᠷᠢᠴᠡᠨ ᠤᠰᠤ ᠲᠠᠳᠠᠵᠤ ᠬᠡᠷᠡᠭᠯᠡᠭᠰᠡᠨ ᠶᠠᠪᠤᠳᠠᠯ ᠲᠣᠪᠣᠶᠢᠮ᠎ᠠ᠂ ᠠᠮᠢ ᠠᠬᠤᠶ ᠣᠷᠴᠢᠨ ᠲᠣᠭᠤᠷᠢᠨ ᠢ ᠬᠦᠨᠳᠦ ᠨᠣᠴᠢᠲᠠᠶ ᠨᠥᠯᠥᠭᠡᠯᠡᠭᠰᠡᠨ ᠨᠡᠶᠢᠲᠡᠯᠢᠭ ᠬᠡᠷᠡᠭ ᠢ ᠴᠡᠭᠴᠡᠯᠡᠨ ᠰᠠᠶᠢᠵᠢᠷᠠᠭᠤᠯᠬᠤ ᠪᠣᠯ ᠡᠷᠬᠡᠪᠰᠢ ᠪᠡᠶᠡᠯᠡᠭᠦᠯᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠂ ᠥᠪᠥᠷ ᠮᠣᠩᠭᠤᠯ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠢᠭᠡ ᠤᠳᠠᠭ᠎ᠠ ᠶᠢᠨ ᠴᠢᠬᠤᠯᠠ ᠶᠡᠭᠡ ᠤᠯᠤᠰ ᠲᠥᠷᠥ ᠶᠢᠨ ᠰᠢᠯᠭᠠᠯᠲᠠ᠂ ᠤᠯᠤᠰ ᠲᠦᠷᠤ ᠶᠢᠨ ᠰᠢᠯᠭᠠᠨ ᠪᠠᠶᠢᠴᠠᠭᠠᠯᠲᠠ᠂ ᠤᠯᠤᠰ ᠲᠦᠷᠦ ᠶᠢᠨ ᠪᠠᠶᠢᠴᠠᠭᠠᠯᠳᠠ ᠪᠤᠯᠤᠨ᠎ᠠ᠂ ᠡᠯ᠎ᠡ ᠬᠤᠯᠪᠤᠬᠳᠠᠯ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠡᠷᠬᠡᠪᠰᠢ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠤ ᠶᠢᠨ ᠲᠠᠯ᠎ᠠ ᠠᠴᠠ ᠰᠢᠢᠳᠪᠤᠷᠢᠯᠡᠬᠦ᠂ ᠤᠯᠤᠰ ᠲᠥᠷᠥ ᠶᠢᠨ ᠲᠠᠯ᠎ᠠ ᠠᠴᠠ ᠡᠬᠢᠯᠡᠨ ᠪᠠᠶᠢᠴᠠᠭᠠᠬᠤ᠂ ᠤᠯᠤᠰ ᠲᠥᠷᠥ ᠶᠢᠨ ᠲᠠᠯ᠎ᠠ ᠠᠴᠠ ᠡᠬᠢᠯᠡᠨ ᠰᠠᠶᠢᠵᠢᠷᠠᠭᠤᠯᠬᠤ ᠶᠢ ᠪᠠᠷᠢᠮᠳᠠᠯᠠᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠲᠤᠰᠬᠠᠶ ᠠᠩᠭᠢ ᠪᠠᠷ ᠠᠬᠢᠭᠤᠯᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ ᠤᠨ ᠰᠢᠢᠳᠪᠤᠷᠢᠯᠡᠬᠦᠯᠬᠦ ᠪᠠᠷ ᠲᠤᠰᠢᠶᠠᠭᠰᠠᠨ ᠬᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠤ ᠵᠢᠭᠠᠵᠤ ᠭᠠᠷᠭᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ