ᠰᠢᠯᠢ ᠶᠢᠨ ᠭᠤᠣᠯ ᠠᠶᠢᠮᠠᠭ ᠬᠤᠲᠠ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠪᠡ
ᠨᠡᠶᠢᠲᠡᠯᠡᠭᠰᠡᠨ ᠴᠠᠭ᠄
2022/4/20
      ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠬᠤᠲᠠ ᠶᠢᠨ ᠰᠢᠨᠡᠴᠢᠯᠡᠯᠲᠡ ᠶᠢ ᠠᠬᠢᠭᠤᠯᠬᠤ ᠰᠢᠰᠲ᠋ᠧᠮᠲᠦ ᠢᠨᠵᠧᠨᠧᠷᠢᠩ ᠪᠣᠯᠣᠨ᠎ᠠ᠃ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠢ ᠪᠠᠶᠢᠷᠢᠯᠠᠭᠤᠯᠵᠤ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠠᠷᠠᠳ ᠤᠨ ᠠᠮᠢᠳᠤᠷᠠᠯ ᠤᠨ ᠨᠢᠭᠡ ᠵᠦᠢᠯ ᠤᠨ ᠴᠢᠬᠤᠯᠠ ᠪᠣᠳᠠᠲᠤ ᠶᠠᠪᠤᠳᠠᠯ ᠪᠣᠯᠭᠠᠨ ᠠᠬᠢᠭᠤᠯᠤᠨ ᠬᠡᠷᠡᠭᠵᠢᠭᠦᠯᠵᠦ᠂ ᠠᠶᠢᠮᠠᠭ ᠤᠨ ᠵᠠᠬᠢᠷᠭ᠎ᠠ ᠶᠢᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠭᠠᠷᠠᠭ ᠪᠦᠷᠢ ᠰᠢᠮᠳᠠᠭᠤᠯᠤᠨ ᠭᠦᠢᠴᠡᠳᠬᠡᠵᠦ᠂ ᠰᠢᠯᠢ ᠶᠢᠨ ᠭᠤᠣᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠤᠷᠢᠳᠴᠢᠯᠠᠨ ᠲᠥᠯᠥᠪᠵᠢᠭᠦᠯᠵᠦ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ ᠪᠤᠢ᠃      2022 ᠣᠨ ᠳᠤ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ᠂ ᠰᠢᠯᠢ ᠶᠢᠨ ᠬᠤᠲᠠ᠂ ᠰᠢᠯᠤᠭᠤᠨ ᠬᠥᠬᠡ ᠬᠤᠰᠢᠭᠤ᠂ ᠳᠣᠯᠣᠨ ᠨᠠᠭᠤᠷ ᠰᠢᠶᠠᠨ᠂ ᠪᠠᠷᠠᠭᠤᠨ ᠦᠵᠦᠮᠦᠴᠢᠨ ᠬᠤᠰᠢᠭᠤ᠂ ᠪᠠᠷᠠᠭᠤᠨ ᠰᠦᠨᠢᠳ ᠬᠤᠰᠢᠭᠤ᠂ ᠠᠪᠠᠭ᠎ᠠ ᠬᠤᠰᠢᠭᠤ᠂ ᠲᠠᠶᠢᠹᠦᠰᠧ ᠬᠤᠰᠢᠭᠤ ᠵᠡᠷᠭᠡ 8 ᠭᠠᠵᠠᠷ ᠣᠷᠣᠨ ᠳᠤ ᠬᠤᠲᠠ ᠪᠠᠯᠭᠠᠰᠤ ᠶᠢᠨ 119 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ᠂ 7074 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠬᠦ ᠪᠠᠷ ᠪᠠᠶᠢᠨ᠎ᠠ᠂ ᠪᠠᠷᠢᠯᠭ᠎ᠠ ᠶᠢᠨ ᠲᠠᠯᠠᠪᠠᠶ ᠨᠢ 67.68 ᠲᠦᠮᠡᠨ ᠲᠡᠭᠰᠢ ᠳᠥᠷᠪᠡᠯᠵᠢᠨ ᠮᠧᠲᠷ ᠪᠤᠢ᠃ ᠣᠲᠣ ᠪᠣᠯᠬᠤ ᠳᠤ᠂ ᠪᠥᠬᠦ ᠠᠶᠢᠮᠠᠭ ᠤᠨ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠲᠥᠷᠥᠯ ᠵᠦᠢᠯ ᠳᠤ ᠨᠢᠭᠡᠨᠲᠡ ᠪᠠᠶᠢᠴᠠᠭᠠᠨ ᠰᠤᠳᠤᠯᠬᠤ᠂ ᠲᠥᠷᠥᠯ ᠵᠦᠢᠯ ᠲᠣᠭᠲᠠᠭᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠡᠬᠢᠯᠡᠭᠦᠯᠬᠦ ᠶᠢ ᠵᠥᠪᠰᠢᠶᠡᠷᠡᠬᠦ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠦᠨᠳᠦᠰᠦᠨ ᠳᠤ ᠪᠠᠨ ᠪᠡᠶᠡᠯᠡᠭᠦᠯᠪᠡ᠃ ᠡᠭᠦᠨ ᠳᠤ᠂ ᠡᠷᠢᠶᠡᠨ ᠬᠤᠲᠠ᠂ ᠰᠢᠯᠤᠭᠤᠨ ᠬᠥᠬᠡ ᠬᠤᠰᠢᠭᠤ᠂ ᠳᠣᠯᠣᠨ ᠨᠠᠭᠤᠷ ᠰᠢᠶᠠᠨ᠂ ᠪᠠᠷᠠᠭᠤᠨ ᠦᠵᠦᠮᠦᠴᠢᠨ ᠬᠤᠰᠢᠭᠤ᠂ ᠪᠠᠷᠠᠭᠤᠨ ᠰᠦᠨᠢᠳ ᠬᠤᠰᠢᠭᠤ᠂  ᠠᠪᠠᠭ᠎ᠠ ᠬᠤᠰᠢᠭᠤ᠂ ᠲᠠᠶᠢᠹᠦᠰᠧ ᠬᠤᠰᠢᠭᠤ ᠵᠡᠷᠭᠡ 7 ᠭᠠᠵᠠᠷ ᠣᠷᠣᠨ ᠤᠷᠢᠳ ᠬᠤᠵᠢᠳ ᠠᠵᠢᠯ ᠢᠶᠠᠨ ᠡᠬᠢᠯᠡᠭᠦᠯᠦᠭᠰᠡᠨ ᠪᠠᠶᠢᠨ᠎ᠠ︔ ᠰᠢᠯᠢ ᠶᠢᠨ ᠬᠤᠲᠠ ᠶᠢᠨ 44 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠨᠢᠭᠡᠨᠲᠡ ᠠᠵᠢᠯ ᠡᠬᠢᠯᠡᠭᠦᠯᠵᠦ᠂ ᠦᠯᠡᠳᠡᠵᠦ ᠪᠠᠶᠢᠭ᠎ᠠ 40 ᠲᠥᠷᠥᠯ ᠵᠦᠢᠯ ᠤᠨ ᠲᠣᠨᠣᠭᠯᠠᠯ ᠮᠠᠲ᠋ᠧᠷᠢᠶᠠᠯ ᠳᠤ ᠵᠠᠰᠠᠪᠤᠷᠢ ᠣᠷᠣᠭᠤᠯᠤᠨ ᠲᠠᠬᠢᠨ ᠳᠡᠭᠡᠭᠰᠢ ᠮᠡᠳᠡᠭᠦᠯᠵᠦ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢ ᠣᠯᠬᠤ ᠪᠠᠷ ᠴᠢᠷᠮᠠᠶᠢᠵᠤ ᠪᠤᠢ᠃      ᠳᠠᠷᠠᠭᠠᠴᠢ ᠶᠢᠨ ᠠᠯᠬᠤᠮ ᠳᠤ᠂ ᠰᠢᠯᠢ ᠶᠢᠨ ᠭᠤᠣᠯ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠣᠨ ᠤ ᠬᠠᠷᠠᠯᠲᠠ ᠡᠭᠦᠷᠭᠡ ᠪᠠᠨ ᠴᠢᠩᠭ᠎ᠠ ᠠᠳᠬᠤᠵᠤ᠂ ᠭᠠᠷᠠᠭ ᠤᠨ ᠲᠣᠬᠢᠷᠠᠭᠤᠯᠤᠯᠲᠠ᠂ ᠰᠠᠷ᠎ᠠ ᠶᠢᠨ ᠵᠠᠷᠯᠠᠯ ᠤᠨ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠭᠠᠵᠠᠷ ᠤᠳ ᠤᠨ ᠠᠵᠢᠯ ᠢᠶᠠᠨ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢ ᠱᠠᠭᠠᠷᠳᠠᠵᠤ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢ ᠳᠡᠭᠡᠷ᠎ᠡ᠂ ᠥᠭᠡᠷᠡᠴᠢᠯᠡᠬᠦ ᠲᠥᠯᠥᠪᠯᠡᠭᠡ ᠶᠢ ᠵᠦᠢ ᠵᠣᠬᠢᠰᠲᠠᠢ ᠲᠣᠬᠢᠷᠠᠭᠤᠯᠤᠨ᠂ ᠡᠮᠬᠢ ᠵᠢᠷᠤᠮ ᠲᠠᠢ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠢᠵᠢ ᠪᠦᠷᠢᠳᠦᠭᠦᠯᠬᠦ ᠪᠡᠯᠡᠳᠬᠡᠮᠵᠢ ᠡᠪᠳᠡᠷᠡᠵᠦ ᠬᠠᠭᠤᠴᠢᠷᠠᠭᠰᠠᠨ᠂ ᠣᠯᠠᠨ ᠨᠡᠶᠢᠲᠡ ᠶᠢᠨ ᠪᠡᠯᠡᠳᠬᠡᠮᠵᠢ ᠪᠦᠷᠢᠨ ᠪᠤᠰᠤ ᠪᠠᠶᠢᠬᠤ᠂ ᠣᠷᠴᠢᠨ ᠲᠣᠭᠤᠷᠢᠨ ᠪᠤᠵᠠᠷ ᠰᠠᠮᠠᠭᠤᠨ ᠪᠠᠷᠤᠭᠲᠠᠢ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ ᠤᠨ ᠪᠠᠶᠢᠷᠢ ᠲᠣᠭᠲᠠᠭᠠᠯᠲᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠪᠠᠷ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ