4 ᠰᠠᠷ᠎ᠠ ᠶᠢᠨ 20 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ | ᠵᠢᠱᠢᠶ᠎ᠡ 1 ᠨᠡᠮᠡᠭᠳᠡᠵᠦ ︵ᠬᠦᠯᠦᠨ ᠪᠤᠶᠢᠷ ᠬᠤᠲᠠ ᠳᠤ ᠪᠤᠢ︶᠂ ᠲᠤᠬᠠᠢ ᠶᠢᠨ ᠭᠠᠵᠠᠷ ᠤᠨ 1 ᠲᠣᠳᠣᠯᠠᠭᠰᠠᠨ ᠡᠪᠡᠳᠴᠢᠨ ᠤ ᠵᠢᠱᠢᠶ᠎ᠡ ︵ᠪᠠᠶᠠᠨᠨᠠᠭᠤᠷ ᠬᠤᠲᠠ ᠳᠤ ᠪᠤᠢ︶ | ᠢᠯᠡᠷᠢᠰᠢᠵᠦ ᠡᠮᠨᠡᠯᠭᠡ ᠠᠴᠠ ᠭᠠᠷᠪᠠ᠃ | 4 ᠰᠠᠷ᠎ᠠ ᠶᠢᠨ 20 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 7 ᠪᠠᠶᠢᠵᠤ᠂ ᠡᠭᠦᠨ ᠳᠤ ᠬᠦᠯᠦᠨ ᠪᠤᠶᠢᠷ ᠬᠤᠲᠠ ᠳᠤ 1᠂ ᠬᠢᠩᠭᠠᠨ ᠠᠶᠢᠮᠠᠭ ᠲᠤ 2᠂ ᠤᠯᠠᠭᠠᠨᠬᠠᠳᠠ ᠬᠤᠲᠠ ᠳᠤ 3᠂ | ᠪᠠᠶᠠᠨᠨᠠᠭᠤᠷ ᠬᠤᠲᠠ ᠳᠤ 1 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 10 ᠪᠠᠶᠢᠵᠤ᠂ ᠡᠭᠦᠨ ᠳᠤ ᠬᠥᠬᠡᠬᠤᠲᠠ ᠳᠤ 1᠂ | ᠬᠢᠩᠭᠠᠨ ᠠᠶᠢᠮᠠᠭ ᠲᠤ 8᠂ ᠦᠬᠠᠢ ᠬᠤᠲᠠ ᠳᠤ 1 ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ | ᠡᠭᠦᠨ ᠳᠤ ᠬᠥᠬᠡᠬᠤᠲᠠ ᠳᠤ 1᠂ ᠤᠯᠠᠭᠠᠨᠬᠠᠳᠠ ᠬᠤᠲᠠ ᠳᠤ 1 ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ | ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠦᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ | ᠪᠤᠢ᠃ |