ᠰᠢ ᠶᠢᠨ ᠫᠢᠩ ᠪᠥᠸᠧ ᠤᠣ ᠶᠢᠨ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ 2022 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ
ᠨᠡᠶᠢᠲᠡᠯᠡᠭᠰᠡᠨ ᠴᠠᠭ᠄
2022/4/22


      ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠴᠤ  ᠬᠥᠮᠦᠨ ᠲᠥᠷᠥᠯᠬᠢᠲᠡᠨ ᠪᠣᠯ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠵᠦ ᠡᠯ᠎ᠡ ᠤᠯᠤᠰ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠦᠨᠡᠨ ᠰᠡᠳᠬᠢᠯ ᠠᠴᠠ ᠪᠠᠨ ᠲᠠᠮᠵᠢᠯᠴᠡᠨ ᠲᠤᠰᠠᠯᠠᠯᠴᠠᠵᠤ ᠬᠠᠮᠲᠤᠷᠠᠯᠴᠠᠨ ᠢᠷᠡᠭᠡᠳᠦᠢ ᠪᠠᠨ ᠴᠣᠭᠴᠠᠯᠠᠶ᠎ᠠ ᠭᠡᠵᠤ ᠴᠢᠬᠤᠯᠠᠴᠢᠯᠠᠵᠠᠢ


      ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ  ᠪᠥᠸᠧ ᠤᠣ ᠶᠢᠨ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ 2022 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ 21 ᠤ ᠦᠳᠡ ᠶᠢᠨ ᠡᠮᠦᠨ᠎ᠡ ᠬᠠᠶᠢᠨᠠᠨ ᠤ ᠪᠥᠸᠧ ᠤᠣ ᠳᠤ ᠶᠠᠪᠤᠭᠳᠠᠵᠤ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠢᠳᠢᠣ᠋ ᠪᠠᠷ ︽ᠭᠠᠷ ᠬᠤᠯᠪᠣᠯᠴᠠᠨ ᠥᠷᠢᠰᠥᠯᠳᠦᠭᠡᠨ ᠢ ᠤᠭᠲᠤᠵᠤ᠂ ᠬᠠᠮᠲᠤᠷᠠᠯᠴᠠᠨ ᠢᠷᠡᠭᠡᠳᠦᠢ ᠪᠠᠨ ᠴᠣᠭᠴᠠᠯᠠᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ᠃
      ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠬᠡᠯᠪᠡᠷᠢ ᠪᠠᠷ ᠳᠡᠯᠭᠡᠭᠳᠡᠵᠦ᠂ ᠬᠥᠮᠦᠨ ᠲᠥᠷᠥᠯᠬᠢᠲᠡᠨ ᠳᠤ ᠡᠷᠬᠡᠪᠰᠢ ᠲᠥᠪ ᠴᠢᠩᠭ᠎ᠠ ᠬᠠᠨᠳᠤᠬᠤ ᠴᠢᠬᠤᠯᠠᠲᠠᠢ ᠥᠷᠢᠰᠥᠯᠳᠦᠭᠡᠨ ᠢ ᠳᠤᠷᠠᠳᠴᠠᠢ᠃ ᠬᠦᠴᠢᠷ ᠪᠡᠷᠬᠡᠰᠢᠶᠡᠯ ᠲᠠᠢ ᠴᠠᠭ ᠮᠥᠴᠡ ᠪᠣᠯᠬᠤ ᠲᠤᠳᠤᠮ ᠢᠲᠡᠭᠡᠯ ᠵᠣᠷᠢᠭ ᠢᠶᠠᠨ ᠤᠯᠠᠮ ᠪᠠᠲᠤᠳᠬᠠᠬᠤ ᠬᠡᠷᠡᠭᠲᠡᠢ ᠭᠡᠳᠡᠭ ᠢ ᠬᠥᠮᠦᠨ ᠲᠥᠷᠥᠯᠬᠢᠲᠡᠨ ᠤ ᠲᠡᠦᠬᠡ ᠪᠢᠳᠡᠨ ᠳᠤ ᠬᠡᠯᠡᠵᠦ ᠥᠭᠪᠡ᠃ ᠶᠠᠮᠠᠷᠪᠠ ᠬᠦᠴᠢᠷ ᠪᠡᠷᠬᠡᠰᠢᠶᠡᠯ ᠨᠤᠭᠤᠷᠠᠯ ᠪᠦᠳᠦᠷᠢᠯ ᠴᠦ ᠭᠡᠳ ᠲᠡᠦᠬᠡ ᠶᠢᠨ ᠤᠷᠤᠭᠰᠢᠯᠠᠯᠲᠠ ᠶᠢᠨ ᠬᠦᠷᠳᠦ ᠶᠢ ᠬᠤᠷᠢᠭᠯᠠᠵᠤ ᠴᠢᠳᠠᠬᠤ ᠦᠭᠡᠢ ᠶᠤᠮ᠃ ᠳᠠᠪᠬᠤᠷ ᠳᠠᠪᠬᠤᠷ ᠥᠷᠢᠰᠥᠯᠳᠦᠭᠡᠨ ᠤ ᠡᠮᠦᠨ᠎ᠡ᠂ ᠪᠢᠳᠡ ᠶᠠᠭᠠᠬᠢᠭᠰᠠᠨ ᠴᠤ ᠢᠲᠡᠭᠡᠯ ᠵᠣᠷᠢᠭ ᠢᠶᠠᠨ ᠠᠯᠳᠠᠵᠤ᠂ ᠡᠷᠡᠭᠡᠯᠵᠡᠨ ᠤᠬᠤᠷᠢᠵᠤ ᠪᠣᠯᠬᠤ ᠦᠭᠡᠢ᠂ ᠬᠠᠷᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠮᠡᠭᠡᠶᠢᠯᠡᠨ ᠤᠷᠤᠭᠰᠢᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
      ᠰᠢ ᠶᠢᠨ ᠫᠢᠩ᠂ ᠬᠦᠴᠢᠷ ᠪᠡᠷᠭᠡᠰᠢᠶᠠᠯ ᠢ ᠲᠤᠭᠤᠯᠤᠨ ᠭᠡᠭᠡᠨ ᠰᠠᠷᠠᠭᠤᠯ ᠲᠡᠶᠢᠰᠢ ᠤᠷᠤᠭᠰᠢᠯᠠᠬᠤ ᠳᠤ᠂ ᠬᠠᠮᠤᠭ ᠤᠨ ᠬᠦᠴᠦᠷᠬᠡᠭ ᠬᠦᠴᠦᠨ ᠪᠣᠯ ᠰᠡᠳᠭᠢᠯ ᠨᠢᠭᠡᠳᠤᠨ ᠬᠦᠴᠦ ᠪᠠᠨ ᠬᠠᠮᠲᠤᠳᠬᠠᠬᠤ ᠶᠠᠪᠤᠳᠠᠯ ᠪᠣᠯᠤᠨ᠎ᠠ᠂ ᠬᠠᠮᠤᠭ ᠤᠨ ᠪᠦᠲᠦᠮᠵᠢᠲᠡᠢ ᠠᠷᠭ᠎ᠠ ᠪᠣᠯ ᠦᠨᠡᠨ ᠰᠡᠳᠬᠢᠯ ᠠᠴᠠ ᠪᠠᠨ ᠲᠠᠮᠵᠢᠯᠴᠡᠨ ᠬᠠᠪᠰᠤᠷᠤᠯᠴᠠᠬᠤ ᠶᠠᠪᠤᠳᠠᠯ ᠪᠣᠯᠤᠨ᠎ᠠ᠃ ᠥᠩᠭᠡᠷᠡᠭᠰᠡᠨ ᠬᠤᠶᠠᠷ ᠵᠢᠯ ᠭᠠᠷᠤᠢ ᠶᠢᠨ ᠲᠤᠷᠰᠢ᠂ ᠳᠡᠯᠡᠬᠡᠢ ᠨᠡᠶᠢᠭᠡᠮ ᠢᠶᠠᠷ ᠢᠶᠠᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠬᠥᠭᠵᠢᠯᠲᠡ ᠶᠢ ᠠᠬᠢᠭᠤᠯᠬᠤ ᠳᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠ᠃ ᠬᠥᠮᠦᠨ ᠲᠥᠷᠥᠯᠬᠢᠲᠡᠨ ᠪᠣᠯ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠡᠯ᠎ᠡ ᠤᠯᠤᠰ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠳᠡᠬᠦ ᠴᠠᠭ ᠦᠶ᠎ᠡ ᠶᠢᠨ ᠤᠷᠤᠰᠬᠠᠯ ᠳᠤ ᠵᠣᠬᠢᠴᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠵᠥᠪ ᠴᠢᠭᠯᠡᠯ ᠲᠡᠶᠢᠰᠢ ᠭᠠᠷ ᠬᠤᠯᠪᠣᠯᠴᠠᠨ ᠥᠷᠢᠰᠥᠯᠳᠦᠭᠡᠨ ᠢ ᠤᠭᠲᠤᠵᠤ᠂ ᠬᠠᠮᠲᠤᠷᠠᠯᠴᠠᠨ ᠢᠷᠡᠭᠡᠳᠦᠢ ᠪᠠᠨ ᠴᠣᠭᠴᠠᠯᠡᠪᠡᠯ ᠵᠤᠬᠢᠨ᠎ᠠ ᠭᠡᠳᠡᠭ ᠢ ᠬᠦᠴᠢᠷ ᠪᠡᠷᠬᠡᠰᠢᠶᠡᠯ ᠪᠣᠯᠤᠨ ᠥᠷᠢᠰᠥᠯᠳᠦᠭᠡᠨ ᠪᠢᠳᠡᠨ ᠳᠤ ᠤᠯᠠᠮ ᠴᠢᠨᠠᠭᠰᠢᠳᠠ ᠬᠡᠯᠡᠵᠦ ᠥᠭᠴᠠᠢ᠃
      — ᠪᠢᠳᠠ ᠬᠠᠮᠲᠤ ᠪᠠᠷ ᠬᠥᠮᠦᠨ ᠲᠥᠷᠥᠯᠬᠢᠲᠡᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠶ᠎ᠠ᠃ ᠬᠥᠮᠦᠨ ᠲᠥᠷᠥᠯᠬᠢᠲᠡᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠢ ᠲᠤᠶᠢᠯᠪᠤᠷᠢᠲᠠᠢ ᠢᠯᠠᠬᠤ ᠳᠤ ᠪᠠᠰᠠ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠴᠢᠬᠤᠯᠠᠲᠠᠢ ᠶᠤᠮ᠃ ᠡᠯ᠎ᠡ ᠤᠯᠤᠰ ᠬᠠᠷᠢᠯᠴᠠᠨ ᠲᠡᠮᠵᠢᠵᠥ᠂ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠠᠰᠠᠯᠲᠠ ᠶᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠠᠷᠭᠠᠴᠠᠭᠠᠬᠤ ᠬᠦᠴᠦᠷᠬᠡᠭ ᠶᠡᠭᠡ ᠤᠯᠠᠨ ᠤᠯᠤᠰ ᠤᠨ ᠬᠠᠮᠲᠤᠷᠠᠯ ᠬᠦᠴᠦᠨ ᠢ ᠪᠦᠷᠢᠯᠳᠦᠭᠦᠯᠦᠶ᠎ᠡ᠃ ᠸᠠᠺᠼᠢᠨ ᠢ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠦᠢᠯᠡᠳᠬᠦᠨ ᠪᠣᠯᠭᠠᠬᠤ ᠰᠢᠨᠵᠢ ᠴᠢᠨᠠᠷ ᠢ ᠪᠠᠷᠢᠮᠲᠠᠯᠠᠵᠤ᠂ ᠸᠠᠺᠼᠢᠨ ᠤ ᠬᠥᠭᠵᠢᠵᠦ ᠪᠠᠶᠢᠭ᠎ᠠ ᠤᠯᠤᠰ ᠲᠠᠬᠢ ᠪᠣᠯᠤᠮᠵᠢᠲᠤ ᠴᠢᠨᠠᠷ ᠪᠠ ᠡᠭᠦᠷᠭᠡᠯᠡᠵᠦ ᠪᠣᠯᠬᠤᠶᠢᠴᠠ ᠴᠢᠨᠠᠷ ᠢ ᠦᠨᠡᠨ ᠬᠦ ᠪᠠᠲᠤᠯᠠᠶ᠎ᠡ᠃ ᠳᠤᠮᠳᠠᠳᠤ ᠤᠯᠤᠰ ᠨᠢᠭᠡᠨᠲᠡ 120 ᠭᠠᠷᠤᠶ ᠤᠯᠤᠰ ᠪᠠ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ 21 ᠳ᠋ᠦᠩᠰᠢᠭᠤᠷ ᠭᠠᠷᠤᠶ ᠬᠤᠪᠢ ᠸᠠᠺᠼᠢᠨ ᠬᠠᠩᠭᠠᠵᠤ᠂ ᠠᠹᠷᠢᠺᠠ ᠲᠢᠪ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢ ᠦᠷᠬᠦᠯᠵᠢᠯᠡᠨ ᠲᠣᠰ ᠲᠣᠰ 6 ᠳ᠋ᠦᠩᠰᠢᠭᠤᠷ᠂ 1.5 ᠳ᠋ᠦᠩᠰᠢᠭᠤᠷ ᠬᠤᠪᠢ ᠸᠠᠺᠼᠢᠨ ᠢᠶᠠᠷ ᠲᠤᠰᠠᠯᠠᠵᠤ᠂ ︽ᠡᠭᠡᠯᠢᠯᠡᠭᠡ ᠶᠢᠨ ᠵᠠᠭᠠᠭ︾ ᠢ ᠠᠷᠢᠯᠭᠠᠬᠤ ᠪᠠᠷ ᠦᠷᠭᠦᠯᠵᠢᠯᠡᠨ ᠢᠳᠡᠪᠬᠢᠲᠡᠶ ᠴᠢᠷᠮᠠᠶᠢᠨ᠎ᠠ᠃
      — ᠪᠢᠳᠠ ᠬᠠᠮᠲᠤ ᠪᠠᠷ ᠠᠵᠤ ᠠᠬᠤᠢ ᠶᠢᠨ ᠰᠡᠷᠭᠦᠯᠲᠡ ᠶᠢ ᠠᠬᠢᠭᠤᠯᠤᠶ᠎ᠠ᠃ ᠨᠡᠭᠡᠭᠡᠯᠲᠡᠲᠦ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠦᠳᠦᠭᠡᠨ ᠪᠠᠶᠢᠭᠤᠯᠬᠤ ᠶᠢ ᠪᠠᠷᠢᠮᠲᠠᠯᠠᠵᠤ᠂ ᠬᠤᠷᠸ᠎ᠠ ᠲᠦᠷᠦ ᠶᠢᠨ ᠪᠤᠳᠤᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ ᠪᠦᠬᠦ ᠪᠥᠮᠪᠥᠷᠴᠡᠭ ᠤᠨ ᠲᠡᠩᠴᠡᠭᠦᠷᠢᠲᠡᠢ᠂ ᠵᠣᠬᠢᠴᠠᠩᠭᠤᠢ᠂ ᠪᠠᠭᠲᠠᠭᠠᠮᠵᠢᠲᠠᠢ ᠬᠥᠭᠵᠢᠯᠲᠡ ᠶᠢ ᠠᠬᠢᠭᠤᠯᠤᠶ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ᠂ ᠠᠮᠤ ᠪᠤᠳᠠᠭᠠᠨ ᠤ ᠠᠮᠤᠷ ᠲᠦᠪᠰᠢᠨ᠂ ᠬᠥᠭᠵᠢᠯᠲᠡ ᠶᠢᠨ ᠪᠡᠯᠡ ᠮᠦᠡᠭᠭᠦ ᠴᠤᠭᠯᠠᠭᠤᠯᠬᠤ᠂ ᠠᠵᠤ ᠦᠢᠯᠡᠳᠪᠦᠷᠢᠵᠢᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠠᠬᠢᠭᠤᠯᠵᠤ᠂ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠯᠠᠪᠳᠠᠭᠤᠨ ᠢᠶᠠᠷ ᠠᠬᠢᠭᠤᠯᠤᠶ᠎ᠡ᠃
      — ᠪᠢᠳᠠ ᠬᠠᠮᠲᠤ ᠪᠠᠷ ᠳᠡᠯᠡᠬᠡᠶ ᠶᠢᠨ ᠡᠩᠬᠡ ᠲᠠᠶᠢᠪᠤᠩ ᠠᠮᠤᠷ ᠲᠣᠭᠲᠠᠭᠤᠨ ᠢ ᠬᠠᠮᠠᠭᠠᠯᠠᠶ᠎ᠠ᠃ ᠬᠦᠢᠳᠡᠨ ᠲᠠᠶᠢᠨ ᠤ ᠰᠡᠳᠭᠢᠬᠦᠢ ᠨᠢ ᠵᠥᠪᠬᠡᠨ ᠪᠦᠬᠦ ᠪᠥᠮᠪᠥᠷᠴᠡᠭ ᠤᠨ ᠡᠩᠬᠡ ᠲᠠᠶᠢᠪᠤᠩ ᠤᠨ ᠪᠣᠷᠣ ᠲᠥᠯᠥᠪ ᠢ ᠡᠪᠳᠡᠬᠦ ᠪᠣᠯᠤᠨ᠎ᠠ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠨᠢ ᠵᠥᠪᠬᠡᠨ ᠳᠡᠯᠡᠬᠡᠢ ᠶᠢᠨ ᠡᠩᠬᠡ ᠲᠠᠶᠢᠪᠤᠩ ᠢ ᠬᠤᠬᠢᠷᠠᠭᠤᠯᠵᠤ᠂ ᠪᠦᠯᠦᠭᠯᠡᠯ ᠤᠨ ᠡᠰᠡᠷᠭᠦᠴᠡᠯᠳᠦᠯ ᠨᠢ ᠵᠥᠪᠬᠡᠨ 21 ᠳ᠋ᠤᠭᠡᠷ ᠵᠠᠭᠤᠨ ᠤ ᠠᠮᠤᠷ ᠲᠦᠪᠰᠢᠨ ᠤ ᠦᠷᠢᠰᠤᠯᠳᠤᠭᠡᠨ ᠢ ᠬᠤᠷᠴᠠᠳᠬᠠᠬᠤ ᠪᠣᠯᠤᠨ᠎ᠠ᠃ ᠳᠤᠮᠳᠠᠳᠤ ᠤᠯᠤᠰ ᠳᠤᠷᠠᠲᠠᠶ᠎ᠠ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠳᠤᠷᠠᠳᠤᠨ᠎ᠠ᠄ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ︔ ᠡᠯ᠎ᠡ ᠤᠯᠤᠰ ᠤᠨ ᠡᠷᠬᠡ ᠮᠡᠳᠡᠯ᠂ ᠨᠤᠲᠤᠭ ᠳᠡᠪᠢᠰᠭᠡᠷ ᠤᠨ ᠪᠦᠷᠢᠨ ᠪᠦᠲᠦᠨ ᠪᠠᠶᠢᠬᠤ ᠶᠢ ᠬᠦᠨᠳᠦᠳᠭᠡᠬᠦ᠂ ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠦᠯᠦ ᠲᠦᠷᠦᠭᠦ᠂ ᠡᠯ᠎ᠡ ᠤᠯᠤᠰ ᠤᠨ ᠠᠷᠠᠳ ᠲᠦᠮᠡᠨ ᠤ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠬᠦᠨᠳᠦᠳᠭᠡᠬᠦ ᠶᠢ ᠪᠠᠷᠢᠮᠲᠠᠯᠠᠶ᠎ᠠ︔ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠵᠢᠷᠤᠮᠯᠠᠨ ᠰᠠᠬᠢᠬᠤ ᠶᠢ ᠪᠠᠷᠢᠮᠲᠠᠯᠠᠵᠤ᠂ ᠬᠦᠢᠲᠡᠨ ᠳᠠᠶᠢᠨ ᠤ ᠰᠡᠳᠭᠢᠬᠦᠢ ᠶᠢ ᠲᠠᠶᠠᠭᠳᠠᠵᠤ᠂ ᠭᠠᠭᠴᠠ ᠲᠠᠯᠠᠲᠤ ᠦᠵᠡᠯ ᠢ ᠡᠰᠡᠷᠭᠦᠴᠡᠨ᠂ ᠪᠦᠯᠦᠭᠯᠡᠯ ᠤᠨ ᠤᠯᠤᠰ ᠲᠦᠷᠦ ᠪᠠ ᠯᠡᠭᠧᠷ ᠤᠨ ᠡᠰᠡᠷᠭᠦᠴᠡᠯᠳᠦᠯ ᠢ ᠭᠠᠷᠭᠠᠬᠤ ᠦᠭᠡᠢ ᠪᠠᠶᠢᠬᠤ ᠶᠢ ᠪᠠᠷᠢᠮᠳᠠᠯᠠᠶ᠎ᠠ︔ ᠡᠯ᠎ᠡ ᠤᠯᠤᠰ ᠤᠨ ᠵᠦᠢ ᠶᠤᠰᠤᠨ ᠤ ᠠᠮᠤᠷ ᠲᠦᠪᠰᠢᠨ ᠤ ᠠᠩᠬᠠᠷᠤᠯ ᠢ ᠴᠢᠬᠤᠯᠠᠴᠢᠯᠠᠬᠤ ᠶᠢ ᠪᠠᠷᠢᠮᠲᠠᠯᠠᠵᠤ᠂ ᠠᠮᠤᠷ ᠲᠦᠪᠰᠢᠨ ᠢ ᠰᠠᠯᠭᠠᠵᠤ ᠪᠣᠯᠤᠰᠢ ᠦᠭᠡᠢ ᠵᠠᠷᠴᠢᠮ ᠢ ᠪᠠᠷᠢᠮᠲᠠᠯᠠᠵᠤ᠂ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠠᠮᠤᠷ ᠲᠦᠪᠰᠢᠨ ᠤ ᠪᠦᠲᠦᠴᠡ ᠶᠢ ᠪᠠᠶᠢᠭᠤᠯᠵᠤ᠂ ᠲᠤᠰ ᠤᠯᠤᠰ ᠤᠨ ᠠᠮᠤᠷ ᠲᠦᠪᠰᠢᠨ ᠢᠶᠠᠨ ᠪᠤᠰᠤᠳ ᠤᠯᠤᠰ ᠤᠨ ᠠᠮᠤᠷ ᠲᠦᠪᠰᠢᠨ ᠪᠤᠰᠤ ᠰᠠᠭᠤᠷᠢᠨ ᠳᠡᠭᠡᠷ᠎ᠡ ᠪᠠᠶᠢᠭᠤᠯᠬᠤ ᠶᠢ ᠡᠰᠡᠷᠭᠦᠴᠡᠶ᠎ᠠ︔ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠤᠯᠤᠰ ᠤᠨ ᠬᠤᠭᠤᠷᠣᠨᠳᠣᠬᠢ ᠵᠥᠷᠢᠯᠳᠦᠭᠡᠨ ᠪᠠ ᠮᠠᠷᠭᠤᠯᠳᠤᠭᠠᠨ ᠢ ᠨᠠᠶᠢᠷᠠᠮᠳᠠᠯ ᠤᠨ ᠠᠷᠭ᠎ᠠ ᠮᠠᠶ᠋ᠢᠭ ᠢᠶᠠᠷ ᠰᠢᠢᠳᠪᠦᠷᠢᠯᠡᠬᠦ ᠶᠢ ᠪᠠᠷᠢᠮᠲᠠᠯᠠᠵᠤ᠂ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠲᠡᠮᠵᠢᠵᠦ᠂ ᠳᠠᠪᠬᠤᠷ ᠪᠠᠷᠢᠮᠵᠢᠶ᠎ᠠ ᠲᠣᠭᠲᠠᠭᠠᠵᠤ ᠪᠣᠯᠬᠤ ᠦᠭᠡᠢ᠂ ᠭᠠᠭᠴᠠ ᠲᠠᠯ᠎ᠠ ᠶᠢᠨ ᠵᠠᠯᠬᠠᠭᠠᠯ ᠪᠠ ︽ᠭᠠᠷ ᠰᠤᠩᠭᠠᠭᠰᠠᠨ ᠬᠠᠷᠢᠶᠠᠯᠠᠯ︾ ᠢ ᠳᠤᠷ᠎ᠠ ᠪᠠᠷ ᠢᠶᠠᠨ ᠬᠡᠷᠡᠭᠯᠡᠬᠦ ᠶᠢ ᠡᠰᠡᠷᠭᠦᠴᠡᠶ᠎ᠡ︔ ᠤᠯᠠᠮᠵᠢᠯᠠᠯᠲᠤ ᠬᠦᠷᠢᠶ᠎ᠡ ᠪᠠ ᠤᠯᠠᠮᠵᠢᠯᠠᠯᠲᠤ ᠪᠤᠰᠤ ᠬᠦᠷᠢᠶᠡᠨ ᠤ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ ᠬᠠᠮᠠᠭᠠᠯᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠵᠦᠷᠢᠯᠳᠦᠭᠡᠨ ᠪᠠ ᠰᠦᠷᠳᠡᠭᠦᠯᠬᠦ ᠦᠵᠡᠯ᠂ ᠠᠭᠤᠷ ᠠᠮᠢᠰᠬᠤᠯ ᠤᠨ ᠬᠤᠪᠢᠷᠠᠯᠲᠠ᠂ ᠰᠦᠯᠵᠢᠶᠡᠨ ᠤ ᠠᠮᠤᠷ ᠲᠦᠪᠰᠢᠨ᠂ ᠠᠮᠢᠳᠤ ᠪᠣᠳᠠᠰ ᠤᠨ ᠠᠮᠤᠷ ᠲᠦᠪᠰᠢᠨ ᠵᠡᠷᠭᠡ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠢ ᠬᠠᠮᠲᠤ ᠪᠠᠷ ᠠᠷᠭᠠᠴᠠᠭᠠᠶ᠎ᠠ᠃
      — ᠪᠢᠳᠡ ᠪᠦᠬᠦ ᠪᠥᠮᠪᠥᠷᠴᠡᠭ ᠤᠨ ᠵᠠᠰᠠᠯᠲᠠ ᠶᠢᠨ ᠥᠷᠢᠰᠥᠯᠳᠦᠭᠡᠨ ᠢ ᠬᠠᠮᠲᠤ ᠪᠠᠷ ᠠᠷᠭᠠᠴᠠᠭᠠᠶ᠎ᠠ᠃ ᠳᠡᠯᠡᠬᠡᠢ ᠶᠢᠨ ᠡᠯ᠎ᠡ ᠤᠯᠤᠰ ᠬᠤᠪᠢ ᠵᠠᠶᠠᠭ᠎ᠠ ᠪᠠᠨ ᠬᠠᠮᠲᠤᠳᠬᠠᠭᠰᠠᠨ ᠲᠤᠮᠤ ᠣᠩᠭᠤᠴᠠᠨ ᠳᠡᠭᠡᠷ᠎ᠡ ᠰᠠᠭᠤᠵᠤ᠂ ᠲᠤᠬᠰᠢᠨ ᠰᠢᠷᠦᠭᠦᠨ ᠳᠠᠪᠠᠯᠭᠠᠨ ᠢ ᠲᠤᠭᠤᠯᠵᠤ᠂ ᠭᠡᠭᠡᠨ ᠰᠠᠷᠠᠭᠤᠯ ᠢᠷᠡᠭᠡᠳᠦᠢ ᠵᠦᠭ ᠤᠷᠤᠭᠰᠢᠯᠠᠬᠤ ᠳᠤ᠂ ᠡᠷᠬᠡᠪᠰᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠬᠡᠨ ᠨᠢᠭᠡ ᠶᠢ ᠨᠢ ᠲᠠᠯᠠᠢ ᠳᠤ ᠬᠠᠶᠠᠬᠤ ᠭᠡᠰᠡᠨ ᠭᠤᠷᠢᠳᠠᠯ ᠢ ᠴᠥᠮ ᠬᠦᠯᠢᠶᠡᠨ ᠠᠪᠴᠤ ᠪᠣᠯᠤᠰᠢ ᠦᠭᠡᠢ ᠶᠤᠮ᠃
      ᠳᠡᠯᠡᠬᠡᠢ ᠨᠡᠶᠢᠭᠡᠮ ᠢᠶᠠᠷ ᠢᠶᠠᠨ ᠬᠥᠭᠵᠢᠭᠡᠳ ᠡᠳᠦᠭᠡ ᠪᠣᠯᠬᠤ ᠳᠤ ᠨᠢᠭᠡᠨᠲᠡ ᠨᠢᠭᠡᠨ ᠨᠠᠷᠢᠨ ᠪᠤᠳᠤᠯᠢᠶᠠᠨᠲᠠᠢ ᠤᠷᠠᠨ ᠨᠠᠷᠢᠯᠢᠭ᠂ ᠣᠷᠭᠠᠨᠢᠭ ᠨᠢᠭᠡ ᠴᠣᠭᠴᠠᠵᠢᠭᠰᠠᠨ ᠮᠠᠰᠢᠨ ᠪᠣᠯᠤᠭᠰᠠᠨ ᠪᠠᠶᠢᠨ᠎ᠠ᠂ ᠨᠢᠭᠡ ᠰᠡᠯᠪᠢᠭ ᠲᠤᠨᠤᠭ ᠢ ᠵᠠᠳᠠᠯᠪᠠᠯ ᠪᠦᠬᠦᠶᠢᠯᠡ ᠮᠠᠰᠢᠨ ᠤ ᠠᠵᠢᠯᠯᠠᠭᠠᠨ ᠨᠢ ᠬᠦᠨᠳᠦ ᠨᠣᠴᠢᠲᠠᠢ ᠬᠦᠴᠢᠷᠳᠡᠯ ᠳᠤ ᠤᠴᠠᠷᠠᠵᠤ᠂ ᠵᠠᠳᠠᠯᠤᠭᠳᠠᠭᠰᠠᠨ ᠬᠥᠮᠦᠨ ᠨᠢ ᠬᠤᠬᠢᠷᠠᠵᠤ᠂ ᠵᠠᠳᠠᠯᠵᠤ ᠪᠠᠶᠢᠭ᠎ᠠ ᠬᠥᠮᠦᠨ ᠨᠢ ᠴᠦ ᠬᠤᠬᠢᠷᠠᠬᠤ ᠪᠣᠯᠤᠨ᠎ᠠ᠃ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠬᠦ ᠪᠥᠮᠪᠥᠷᠴᠡᠭ ᠤᠨ ᠵᠠᠰᠠᠯᠲᠠ ᠶᠢᠨ ᠦᠵᠡᠯᠲᠡ ᠶᠢ ᠦᠢᠯᠡᠳᠦᠯᠭᠡᠵᠢᠭᠦᠯᠵᠦ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠠᠳᠠᠯᠢ ᠪᠤᠰᠤ ᠪᠣᠯᠪᠠᠰᠤᠨ ᠤ ᠰᠣᠯᠢᠯᠴᠠᠭ᠎ᠠ ᠲᠤᠯᠢᠳᠠᠯ ᠢ ᠰᠠᠨᠠᠭᠠᠴᠢᠯᠠᠶ᠎ᠠ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠶ᠎ᠡ᠃ ᠲᠤᠮᠤ ᠤᠯᠤᠰ ᠨᠡᠩ ᠴᠸ ᠦᠯᠢᠭᠡᠷ ᠳᠠᠭᠤᠷᠢᠶᠠᠯ ᠦᠵᠡᠭᠦᠯᠵᠦ᠂ ᠲᠦᠷᠦᠭᠦᠯᠡᠨ ᠡᠷᠬᠡ ᠲᠡᠭᠰᠢ ᠶᠢ ᠡᠷᠬᠢᠮᠯᠡᠵᠦ᠂ ᠬᠠᠮᠲᠤᠷᠠᠯᠴᠠᠭ᠎ᠠ ᠶᠢ ᠡᠷᠬᠢᠮᠯᠡᠵᠦ᠂ ᠦᠨᠡᠨᠴᠢ ᠢᠲᠡᠭᠡᠮᠵᠢ ᠶᠢ ᠡᠷᠬᠢᠮᠯᠡᠵᠦ᠂ ᠬᠠᠤᠯᠢᠵᠢᠯ ᠢ ᠡᠷᠬᠢᠮᠯᠡᠵᠦ᠂ ᠲᠤᠮᠤ ᠤᠯᠤᠰ ᠤᠨ ᠲᠦᠷᠢ ᠲᠥᠷᠬᠦ ᠶᠢ ᠢᠯᠡᠷᠡᠭᠦᠯᠦᠶ᠎ᠡ ᠭᠡᠵᠦ ᠴᠢᠬᠤᠯᠠᠴᠢᠯᠠᠪᠠ᠃
      ᠰᠢ ᠶᠢᠨ ᠫᠢᠩ᠂ ᠥᠩᠭᠡᠷᠡᠭᠰᠡᠨ ᠬᠡᠳᠦᠨ ᠠᠷᠪᠠᠨ ᠵᠢᠯ ᠳᠤ᠂ ᠠᠽᠢᠶ᠎ᠠ ᠲᠢᠪ ᠤᠨ ᠭᠠᠵᠠᠷ ᠣᠷᠣᠨ ᠶᠡᠷᠦᠩᠬᠡᠢ ᠳᠡᠭᠡᠨ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠠᠵᠤ ᠠᠬᠤᠢ ᠦᠷᠭᠦᠯᠵᠢᠯᠡᠨ ᠲᠦᠷᠭᠡᠨ ᠨᠡᠮᠡᠭᠳᠡᠵᠦ᠂ ︽ᠠᠽᠢᠶ᠎ᠠ ᠲᠢᠪ ᠤᠨ ᠭᠠᠶᠢᠬᠠᠮᠰᠢᠭ︾ ᠢ ᠡᠭᠦᠳᠴᠡᠢ᠃ ᠠᠽᠢᠶ᠎ᠠ ᠲᠢᠪ ᠰᠠᠶᠢᠨ ᠪᠠᠶᠢᠪᠠᠯ ᠲᠡᠯᠡᠬᠡᠢ ᠶᠢᠷᠲᠢᠨᠴᠦ ᠰᠠᠶ᠋ᠢ ᠨᠠᠩ ᠰᠠᠶᠢᠨ ᠪᠠᠶᠢᠵᠤ ᠴᠢᠳᠠᠨ᠎ᠠ᠃ ᠪᠢᠳᠡ ᠠᠽᠢᠶ᠎ᠠ ᠲᠢᠪ ᠢ ᠦᠷᠭᠦᠯᠵᠢᠯᠡᠨ ᠰᠠᠶᠢᠲᠤᠷ ᠬᠥᠭᠵᠢᠭᠦᠯᠵᠦ᠂ ᠰᠠᠶᠢᠲᠤᠷ ᠪᠦᠳᠦᠭᠡᠨ ᠪᠠᠶᠢᠭᠤᠯᠵᠤ᠂ ᠠᠽᠢᠶ᠎ᠠ ᠲᠢᠪ ᠤᠨ ᠤᠶᠠᠨ ᠬᠠᠳᠠᠨ ᠴᠢᠨᠠᠷ᠂ ᠤᠶᠤᠨ ᠤᠬᠠᠭᠠᠨ᠂ ᠬᠦᠴᠦᠨ ᠴᠢᠳᠠᠯ ᠢ ᠢᠯᠡᠷᠡᠭᠦᠯᠵᠦ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠤ ᠬᠠᠮᠠᠭᠠᠯᠠᠬᠴᠢ᠂ ᠨᠡᠮᠡᠭᠳᠡᠯ ᠤᠨ ᠬᠥᠳᠡᠯᠭᠡᠬᠦ ᠬᠦᠴᠦᠨ ᠤ ᠡᠬᠢ᠂ ᠬᠠᠮᠲᠤᠷᠠᠯᠴᠠᠭᠠᠨ ᠤ ᠰᠢᠨ᠎ᠡ ᠥᠨᠳᠦᠷᠯᠢᠭ ᠢ ᠴᠣᠭᠴᠠᠯᠠᠶ᠎ᠡ᠃
      ᠨᠢᠭᠡᠳᠦᠭᠡᠷ ᠲᠤ᠂ ᠠᠽᠢᠶ᠎ᠠ ᠲᠢᠪ ᠤᠨ ᠡᠩᠬᠡ ᠲᠠᠶᠢᠪᠤᠩ ᠢ ᠡᠷᠡᠰ ᠬᠠᠮᠠᠭᠠᠯᠠᠶ᠎ᠡ᠃ ᠥᠨᠥᠳᠦᠷ᠂ ᠠᠽᠢᠶ᠎ᠠ ᠲᠢᠪ ᠤᠨ ᠠᠩᠬ᠎ᠠ ᠰᠠᠨᠠᠭᠠᠴᠢᠯᠠᠭᠰᠠᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠤᠨ ︽ᠪᠠᠨᠳᠦ᠋ᠩ ᠤᠨ ᠵᠣᠷᠢᠭ ᠰᠠᠨᠠᠭ᠎ᠠ︾ ᠨᠢ ᠨᠡᠩ ᠠᠬᠤᠶᠢᠴᠢ ᠠᠴᠢ ᠬᠤᠯᠪᠣᠭᠳᠠᠯ ᠲᠠᠢ ᠪᠣᠯᠵᠠᠢ᠃ ᠬᠠᠷᠢᠯᠴᠠᠨ ᠬᠦᠨᠳᠦᠳᠭᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠵᠡᠷᠭᠡ ᠵᠠᠷᠴᠢᠮ ᠢ ᠪᠠᠷᠢᠮᠲᠠᠯᠠᠵᠤ᠂ ᠡᠶᠡᠯᠳᠡᠭ ᠬᠥᠷᠰᠢ ᠶᠢᠨ ᠨᠥᠬᠦᠷᠰᠡᠭ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠶ᠎ᠡ᠃
      ᠬᠤᠶᠠᠳᠤᠭᠠᠷ ᠲᠤ᠂ ᠠᠽᠢᠶ᠎ᠠ ᠲᠢᠪ ᠤᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠤᠶ᠎ᠠ᠃ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠵᠢᠩᠬᠢᠨᠢ ᠪᠠᠷ ᠬᠦᠴᠦᠨ ᠲᠠᠢ ᠪᠤᠯᠵᠤ᠂ ᠳᠤᠮᠳᠠᠳᠤ ᠯᠠᠤᠰ ᠤᠨ ᠲᠡᠮᠦᠷ ᠵᠠᠮ ᠲᠡᠷᠭᠡ ᠨᠡᠪᠳᠡᠷᠡᠵᠤ᠂ ᠭᠠᠵᠠᠷ ᠣᠷᠣᠨ ᠤ ᠬᠠᠲᠠᠭᠤ ᠬᠤᠯᠪᠣᠯᠳᠤᠨ ᠨᠡᠪᠲᠡᠷᠡᠯᠴᠡᠬᠦ᠂ ᠵᠥᠭᠡᠯᠡᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠡᠭᠦᠨ ᠢᠶᠠᠷ ᠠᠵᠠ ᠲᠣᠬᠢᠶᠠᠯ ᠪᠣᠯᠭᠠᠵᠤ᠂ ᠠᠽᠢᠶ᠎ᠠ ᠲᠢᠪ ᠤᠨ ᠨᠡᠩ ᠨᠡᠭᠡᠭᠡᠯᠲᠡᠲᠡᠢ ᠲᠤᠮᠤ ᠵᠠᠬ᠎ᠠ ᠳᠡᠯᠭᠡᠭᠦᠷ ᠢ ᠪᠤᠢ ᠪᠣᠯᠭᠠᠬᠤ ᠶᠢ ᠠᠬᠢᠭᠤᠯᠵᠤ᠂ ᠠᠽᠢᠶ᠎ᠠ ᠲᠢᠪ ᠤᠨ ᠬᠠᠮᠲᠤ ᠪᠠᠷ ᠠᠰᠢᠭ ᠬᠦᠷᠳᠡᠬᠦ ᠬᠠᠮᠲᠤᠷᠠᠯᠴᠠᠭ᠎ᠠ ᠶᠢᠨ ᠰᠢᠨ᠎ᠡ ᠠᠯᠬᠤᠮ ᠢ ᠠᠯᠬᠤᠬᠤ ᠶᠢ ᠠᠬᠢᠭᠤᠯᠤᠶ᠎ᠡ᠃
      ᠭᠤᠷᠪᠠᠳᠤᠭᠠᠷ ᠲᠤ᠂ ᠠᠽᠢᠶ᠎ᠠ ᠲᠢᠪ ᠤᠨ ᠪᠦᠯᠬᠦᠮᠳᠡᠯ ᠢ ᠬᠠᠮᠲᠤ ᠪᠠᠷ ᠠᠬᠢᠭᠤᠯᠤᠶ᠎ᠠ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠭᠠᠵᠠᠷ ᠣᠷᠣᠨ ᠤ ᠪᠦᠲᠦᠴᠡ ᠳᠠᠬᠢ ᠭᠤᠣᠯᠯᠠᠬᠤ ᠪᠠᠶᠢᠷᠢ ᠰᠠᠭᠤᠷᠢ ᠶᠢ ᠪᠠᠬᠢᠵᠢᠭᠦᠯᠵᠦ᠂ ᠡᠯ᠎ᠡ ᠲᠠᠯ᠎ᠠ ᠶᠢᠨ ᠬᠦᠰᠡᠯ ᠱᠠᠭᠠᠷᠳᠠᠯᠭ᠎ᠠ ᠶᠢ ᠬᠠᠮᠲᠤ ᠳᠤᠨᠢ ᠬᠠᠷᠠᠭᠠᠯᠵᠠᠬᠤ᠂ ᠡᠯ᠎ᠡ ᠲᠠᠯ᠎ᠠ ᠶᠢᠨ ᠠᠰᠢᠭ ᠲᠤᠰᠠ ᠶᠢ ᠪᠠᠭᠲᠠᠭᠠᠬᠤ ᠣᠷᠣᠨ ᠪᠦᠰᠡ ᠶᠢᠨ ᠡᠮᠬᠢ ᠳᠢᠭᠯᠢᠮ ᠢ ᠬᠠᠮᠠᠭᠠᠯᠠᠶ᠎ᠡ᠃ ᠤᠯᠤᠰ ᠣᠷᠣᠨ ᠨᠢ ᠶᠡᠭᠡ ᠪᠠᠭ᠎ᠠ ᠬᠦᠴᠦᠷᠬᠡᠭ ᠪᠠᠭᠤᠷᠠᠢ ᠭᠡᠰᠡᠨ ᠴᠦ ᠲᠡᠷᠡ᠂ ᠣᠷᠣᠨ ᠪᠦᠰᠡ ᠶᠢᠨ ᠳᠣᠲᠣᠷ᠎ᠠ ᠭᠠᠳᠠᠨᠠᠬᠢ ᠭᠡᠰᠡᠨ ᠴᠦ ᠲᠡᠷᠡ᠂ ᠴᠥᠮ ᠠᠽᠢᠶ᠎ᠠ ᠲᠢᠪ ᠲᠤ ᠭᠡᠷᠡᠯ ᠭᠢᠯᠪᠠᠭ᠎ᠠ ᠨᠡᠮᠡᠷᠢᠯᠡᠬᠦ ᠠᠴᠠ ᠪᠢᠰᠢ ᠶᠠᠷᠰᠢᠭ ᠲᠦᠪᠡᠭ ᠨᠡᠮᠡᠬᠦ ᠦᠭᠡᠢ ᠪᠠᠶᠢᠵᠤ᠂ ᠴᠥᠮ ᠡᠩᠬᠡ ᠲᠠᠶᠢᠪᠤᠩ ᠬᠥᠭᠵᠢᠯᠲᠡ ᠶᠢᠨ ᠶᠡᠭᠡ ᠵᠠᠮ ᠢᠶᠠᠷ ᠬᠠᠮᠲᠤ ᠪᠠᠷ ᠵᠠᠮᠨᠠᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠡᠭᠡ ᠪᠤᠳᠤᠯᠭ᠎ᠠ ᠶᠢ ᠬᠠᠮᠲᠤ ᠪᠠᠷ ᠰᠦᠪᠡᠭᠴᠢᠯᠡᠵᠦ᠂ ᠪᠦᠯᠬᠦᠮᠳᠡᠨ ᠳᠠᠪᠰᠢᠭᠰᠠᠨ ᠠᠽᠢᠶ᠎ᠠ ᠲᠢᠪ ᠤᠨ ᠶᠡᠭᠡ ᠭᠡᠷ ᠪᠦᠯᠢ ᠶᠢ ᠬᠠᠮᠲᠤ ᠪᠠᠷ ᠴᠣᠭᠴᠠᠯᠠᠪᠠᠯ ᠵᠤᠬᠢᠨ᠎ᠠ ᠭᠡᠵᠦ  ᠴᠢᠬᠤᠯᠠᠴᠢᠯᠠᠪᠠ᠃
      ᠰᠢ ᠶᠢᠨ ᠫᠢᠩ᠂ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠲᠠᠯᠳᠠ ᠬᠦᠴᠦᠨ ᠭᠦᠢᠴᠡᠳ᠂ ᠡᠷᠬᠢᠯᠳᠡᠳᠦ ᠤᠷᠤᠨ ᠵᠠᠢ ᠥᠷᠭᠡᠨ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ᠂ ᠳᠡᠯᠡᠬᠡᠢ ᠶᠢᠨ ᠠᠵᠤ ᠠᠬᠤᠢ ᠶᠢᠨ ᠲᠣᠭᠲᠠᠭᠤᠨ ᠢᠶᠠᠷ ᠰᠡᠷᠭᠦᠬᠦ ᠳᠤ ᠬᠦᠴᠦᠷᠬᠡᠭ ᠶᠡᠭᠡ ᠬᠥᠳᠡᠯᠭᠡᠬᠦ ᠡᠨᠧᠷᠭᠢ ᠬᠠᠩᠭᠠᠵᠤ᠂ ᠡᠯ᠎ᠡ ᠤᠯᠤᠰ ᠲᠤ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠠᠵᠠ ᠲᠣᠬᠢᠶᠠᠯ ᠬᠠᠩᠭᠠᠬᠤ ᠪᠣᠯᠤᠨ᠎ᠠ᠃ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠳᠡᠯᠡᠬᠡᠢ ᠳ᠋ᠠᠬᠢᠨ ᠳᠤ ᠶᠠᠮᠠᠷ ᠬᠤᠪᠢᠷᠠᠯᠲᠠ ᠭᠠᠷᠤᠭᠰᠠᠨ ᠴᠤ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠳᠠ ᠬᠢᠬᠦ ᠢᠲᠡᠭᠡᠯ ᠵᠣᠷᠢᠭ ᠴᠥᠮ ᠭᠤᠶᠢᠪᠢᠯᠵᠠᠬᠤ ᠦᠭᠡᠢ ᠶᠤᠮ᠃ ᠳᠤᠮᠳᠠᠳᠤ ᠤᠯᠤᠰ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠵᠢᠷᠤᠮ ᠤᠨ ᠬᠠᠮᠠᠭᠠᠯᠠᠭᠴᠢ ᠪᠣᠯᠤᠨ᠎ᠠ ᠭᠡᠵᠦ ᠵᠢᠭᠠᠵᠤ ᠭᠠᠷᠭᠠᠪᠠ᠃
      ᠰᠢ ᠶᠢᠨ ᠫᠢᠩ ᠬᠠᠮᠤᠭ ᠤᠨ ᠰᠡᠭᠦᠯ ᠳᠤ᠂ ᠡᠳᠦᠷ ᠪᠤᠯᠭᠠᠨ ᠶᠠᠪᠤᠪᠠᠰᠦ ᠮᠢᠩᠭᠠᠨ ᠭᠠᠵᠠᠷ ᠢ ᠳᠤᠭᠤᠯᠵᠦ ᠴᠢᠳᠠᠮᠤᠢ︔ ᠲᠠᠬᠢᠨ ᠲᠠᠪᠳᠡᠨ ᠬᠢᠪᠡᠰᠦ ᠲᠦᠮᠡᠨ ᠶᠠᠪᠤᠳᠠᠯ ᠢ ᠪᠦᠳᠦᠬᠡᠵᠦ ᠴᠢᠳᠠᠮᠤᠢ᠃ ᠪᠢᠳᠡ ᠭᠠᠷ ᠬᠤᠯᠪᠣᠯᠴᠠᠨ ᠰᠡᠳᠭᠢᠯ ᠢᠶᠠᠨ ᠨᠢᠭᠡᠳᠭᠡᠵᠦ᠂ ᠴᠥᠬᠦᠷᠡᠰᠢ ᠦᠭᠡᠢ ᠤᠷᠤᠭᠰᠢᠯᠠᠳᠠᠭ ᠯᠠ ᠶᠤᠮ ᠪᠣᠯ ᠯᠠᠪᠲᠠᠢ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠠᠤᠭ᠎ᠠ ᠬᠦᠴᠦᠨ ᠢ ᠨᠢᠭᠲᠠᠷᠠᠭᠤᠯᠵᠤ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠥᠷᠢᠰᠥᠯᠳᠦᠭᠡᠨ ᠢ ᠢᠯᠠᠨ ᠳᠠᠪᠠᠵᠤ᠂ ᠬᠥᠮᠦᠨ ᠲᠥᠷᠥᠯᠬᠢᠲᠡᠨ ᠤ ᠨᠡᠩ ᠭᠡᠭᠡᠨ ᠰᠠᠷᠠᠭᠤᠯ ᠰᠠᠶᠢᠨ ᠰᠠᠶᠢᠬᠠᠨ ᠢᠷᠡᠭᠡᠳᠦᠢ ᠶᠢ ᠤᠭᠲᠤᠨ ᠠᠪᠴᠢᠷᠠᠵᠤ ᠴᠢᠳᠠᠨ᠎ᠠ ᠭᠡᠵᠦ ᠬᠡᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ