| 4 ᠰᠠᠷ᠎ᠠ ᠶᠢᠨ 23 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ | ᠵᠢᠱᠢᠶ᠎ᠡ 5 ᠨᠡᠮᠡᠭᠳᠡᠵᠦ ︵ᠴᠥᠮ ᠬᠦᠯᠦᠨ ᠪᠤᠶᠢᠷ ᠬᠤᠲᠠ ᠳᠤ ᠪᠤᠢ︶᠂ ᠬᠢᠯᠢ ᠶᠢᠨ ᠭᠠᠳᠠᠨ᠎ᠠ ᠠᠴᠠ ᠣᠷᠣᠵᠣ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 1 | ᠨᠡᠮᠡᠭᠳᠡᠪᠡ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠥᠬᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠳᠤ | ᠪᠠᠭᠤᠪᠠ︶᠃ ᠲᠤᠬᠠᠢ ᠶᠢᠨ ᠭᠠᠵᠠᠷ ᠤᠨ 5 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ︵ᠬᠥᠬᠡᠬᠤᠲᠠ ᠳᠤ 1 ᠪᠤᠢ᠂ ᠬᠢᠩᠭᠠᠨ ᠠᠶᠢᠮᠠᠭ ᠲᠤ 4 ᠪᠤᠢ︶ | ᠢᠯᠡᠷᠢᠰᠢᠵᠦ ᠡᠮᠨᠡᠯᠭᠡ ᠠᠴᠠ ᠭᠠᠷᠪᠠ᠃ | 4 ᠰᠠᠷ᠎ᠠ ᠶᠢᠨ 23 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ | ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 11 ᠪᠠᠶᠢᠵᠤ᠂ ᠡᠭᠦᠨ ᠳᠤ ᠬᠦᠯᠦᠨ ᠪᠤᠶᠢᠷ ᠬᠤᠲᠠ ᠳᠤ 6᠂ ᠬᠢᠩᠭᠠᠨ ᠠᠶᠢᠮᠠᠭ ᠲᠤ 2᠂ ᠤᠯᠠᠭᠠᠨᠬᠠᠳᠠ | ᠬᠤᠲᠠ ᠳᠤ 2᠂ ᠪᠠᠶᠠᠨᠨᠠᠭᠤᠷ ᠬᠤᠲᠠ ᠳᠤ 1 ᠪᠤᠢ᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠶᠢᠵᠤ᠂ ᠡᠭᠦᠨ ᠳᠤ | ᠬᠢᠩᠭᠠᠨ ᠠᠶᠢᠮᠠᠭ ᠲᠤ 4᠂ ᠦᠬᠠᠢ ᠬᠤᠲᠠ ᠳᠤ 1 ᠪᠤᠢ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 8 ︵ᠴᠥᠮ | ᠬᠥᠬᠡᠬᠤᠲᠠ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ | ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃ | |