ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/4/25
      4 ᠰᠠᠷ᠎ᠠ ᠶᠢᠨ 24 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 9 ᠨᠡᠮᠡᠭᠳᠡᠵᠦ ︵ᠴᠦᠮ ᠬᠦᠯᠦᠨ ᠪᠤᠶᠢᠷ ᠬᠤᠲᠠ ᠳᠤ ᠪᠤᠢ︶᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠪᠡ ︵ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠳᠠ ᠶᠢᠨ ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠳᠤ ᠪᠠᠭᠤᠪᠠ︶᠃ ᠲᠤᠬᠠᠢ ᠶᠢᠨ ᠭᠠᠵᠠᠷ ᠤᠨ 1 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ︵ᠦᠬᠠᠢ ᠬᠤᠲᠠ ᠳᠤ ᠪᠤᠢ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃      4 ᠰᠠᠷ᠎ᠠ ᠶᠢᠨ 24 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 20 ᠪᠠᠶᠢᠵᠦ᠂ ᠡᠬᠦᠨ ᠳᠤ ᠬᠦᠯᠦᠨ ᠪᠣᠶᠢᠷ ᠬᠤᠲᠠ ᠳᠤ 15᠂ ᠬᠢᠩᠭᠠᠨ ᠠᠶᠢᠮᠠᠭ ᠲᠤ 2᠂ ᠤᠯᠠᠭᠠᠨᠬᠠᠳᠠ ᠬᠤᠲᠠ ᠳᠤ 2᠂ ᠪᠠᠶᠠᠨᠨᠠᠭᠤᠷ ᠬᠤᠲᠠ ᠳᠤ 1 ᠪᠤᠢ᠃ ᠳᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠬᠴᠢ 4 ᠪᠠᠶᠢᠨ᠎ᠠ ︵ᠴᠦᠮ ᠬᠢᠩᠭᠠᠨ ᠠᠶᠢᠮᠠᠭ ᠲᠤ ᠪᠤᠢ︶᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 9 ︵ᠴᠦᠮ ᠬᠦᠬᠡᠬᠤᠳᠠ ᠳᠤ ᠪᠤᠢ︶ ᠪᠠᠶᠢᠨ᠎ᠠ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ