ᠦᠪᠦᠷ ᠮᠣᠩᠭᠤᠯ ᠣᠷᠤᠨ ᠳᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/4/26
      4 ᠰᠠᠷ᠎ᠠ ᠶᠢᠨ 25 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠦᠪᠦᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 6 ᠨᠡᠮᠡᠭᠳᠡᠵᠦ᠂ ᠡᠭᠦᠨ ᠳᠤ ᠪᠣᠭᠤᠲᠤ ᠬᠤᠲᠠ ᠳᠤ 3᠂ ᠬᠦᠯᠦᠨ ᠪᠤᠶᠢᠷ ᠬᠤᠲᠠ ᠳᠤ 3 ᠪᠤᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠪᠡ ︵ᠨᠡᠶᠢᠰᠯᠡᠯ ᠤᠨ ᠣᠯᠠᠨ ᠤᠯᠤᠰ ᠤᠨ ᠨᠢᠰᠭᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠳᠠ ᠶᠢᠨ ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠳᠤ ᠪᠠᠭᠤᠪᠠ︶᠃ ᠲᠤᠬᠠᠢ ᠶᠢᠨ ᠭᠠᠵᠠᠷ ᠤᠨ 1 ᠡᠪᠡᠳᠴᠢᠨ ᠤ ᠵᠢᠱᠢᠶ᠎ᠡ ᠢᠯᠡᠷᠢᠰᠢᠵᠦ ᠡᠮᠨᠡᠯᠭᠡ ᠠᠴᠠ ᠭᠠᠷᠪᠠ ︵ᠬᠢᠩᠭᠠᠨ ᠠᠶᠢᠮᠠᠭ ᠲᠤ ᠪᠤᠢ︶᠃ ᠲᠤᠬᠠᠢ ᠶᠢᠨ ᠭᠠᠵᠠᠷ ᠤᠨ 2 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ ︵ᠴᠦᠮ ᠬᠢᠩᠭᠠᠨ ᠠᠶᠢᠮᠠᠭ ᠲᠤ ᠪᠤᠢ︶᠃      4 ᠰᠠᠷ᠎ᠠ ᠶᠢᠨ 25 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠶ ᠶᠢᠨ ᠭᠠᠵᠠᠷ ᠤᠨ ᠳᠣᠲᠣᠯᠠᠭᠰᠠᠨ ᠡᠪᠡᠳᠴᠢᠨ ᠤ ᠵᠢᠱᠢᠶ᠎ᠡ 25 ᠪᠠᠶᠢᠵᠦ᠂ ᠡᠬᠦᠨ ᠳᠤ ᠪᠣᠭᠤᠲᠤ ᠬᠤᠲᠠ ᠳᠤ 3᠂ ᠬᠦᠯᠦᠨ ᠪᠣᠶᠢᠷ ᠬᠤᠲᠠ ᠳᠤ 18᠂ ᠬᠢᠩᠭᠠᠨ ᠠᠶᠢᠮᠠᠭ ᠲᠤ 1᠂ ᠤᠯᠠᠭᠠᠨᠬᠠᠳᠠ ᠬᠤᠲᠠ ᠳᠤ 2᠂ ᠪᠠᠶᠠᠨᠨᠠᠭᠤᠷ ᠬᠤᠲᠠ ᠳᠤ 1 ᠪᠤᠢ᠃ ᠳᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠳᠠᠬᠴᠢ 2 ᠪᠠᠶᠢᠨ᠎ᠠ︵ᠴᠦᠮ ᠬᠢᠩᠭᠠᠨ ᠠᠶᠢᠮᠠᠭ ᠲᠤ ᠪᠤᠢ︶᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 10 ︵ᠴᠦᠮ ᠬᠦᠬᠡᠬᠤᠳᠠ ᠳᠤ ᠪᠤᠢ︶ ᠪᠠᠶᠢᠨ᠎ᠠ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ