ᠵᠣᠬᠢᠶᠠᠮᠠᠯ ᠦᠶ᠎ᠡ ᠭᠡᠰᠢᠭᠦᠦ ᠶᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠶᠢ ᠰᠢᠯᠢ ᠶᠢᠨ ᠭᠤᠣᠯ ᠠᠶᠢᠮᠠᠭ ᠲᠤ ᠵᠢᠩᠬᠢᠨᠢ ᠪᠠᠷ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2022/4/26
      4 ᠳ᠋ᠦ᠋ᠭᠡᠷ ᠰᠠᠷ᠎ᠠ ᠶᠢᠨ 15 ᠤ ᠡᠳᠦᠷ᠂ ᠤᠯᠤᠰ ᠠᠴᠠ ᠵᠣᠬᠢᠶᠠᠨ ᠪᠠᠶᠢᠭᠤᠯᠤᠭᠰᠠᠨ ᠵᠣᠬᠢᠶᠠᠮᠠᠯ ᠦᠶ᠎ᠡ ᠭᠡᠰᠢᠭᠦᠦ ᠶᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯᠯᠠᠭ᠎ᠠ ᠶᠢ ᠰᠢᠯᠢ ᠶᠢᠨ ᠭᠤᠣᠯ ᠠᠶᠢᠮᠠᠭ ᠲᠤ ᠵᠢᠩᠬᠢᠨᠢ ᠪᠠᠷ ᠨᠠᠶᠢᠳᠠᠪᠤᠷᠢᠵᠢᠭᠤᠯᠤᠭᠰᠠᠨ ᠨᠢ᠂ ᠰᠢᠯᠢ ᠶᠢᠨ ᠭᠤᠣᠯ ᠠᠶᠢᠮᠠᠭ ᠤᠨ ᠡᠪᠡᠳᠴᠢᠲᠡᠨ ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠤᠭᠰᠠᠨ ᠴᠢᠨᠠᠷ ᠰᠠᠶᠢᠲᠠᠢ ᠪᠥᠭᠡᠳ ᠬᠢᠮᠳᠠ ᠵᠣᠬᠢᠶᠠᠮᠠᠯ ᠰᠡᠭᠦᠵᠢᠨ ᠦᠶ᠎ᠡ᠂ ᠡᠪᠦᠳᠦᠭ ᠤᠨ ᠦᠶ᠎ᠡ ᠶᠢ ᠬᠡᠷᠡᠭᠯᠡᠵᠦ ᠪᠣᠯᠬᠤ ᠶᠢ ᠬᠠᠷᠠᠭᠤᠯᠵᠤ ᠪᠠᠶᠢᠨ᠎ᠠ᠃      ᠥᠩᠭᠡᠷᠡᠭᠰᠡᠨ ᠳᠤ ᠵᠣᠬᠢᠶᠠᠮᠠᠯ ᠦᠶ᠎ᠡ ᠭᠡᠰᠢᠭᠦᠦ ᠶᠢ ᠰᠣᠯᠢᠬᠤ ᠮᠡᠰᠡ ᠵᠠᠰᠠᠯ ᠤᠨ ᠵᠠᠷᠤᠳᠠᠯ ᠨᠡᠯᠢᠶᠡᠳ ᠥᠨᠳᠥᠷ ᠪᠠᠶᠢᠭᠰᠠᠨ ᠨᠢ ᠡᠪᠡᠳᠴᠢᠲᠡᠨ ᠳᠤ ᠨᠢᠭᠡ ᠵᠦᠢᠯ ᠤᠨ ᠠᠵᠤ ᠠᠬᠤᠢ ᠶᠢᠨ ᠳᠠᠷᠤᠭᠠᠰᠤ ᠪᠣᠯᠵᠤ᠂ ᠵᠣᠬᠢᠶᠠᠮᠠᠯ ᠦᠶ᠎ᠡ ᠭᠡᠰᠢᠭᠦᠦ ᠶᠢ ᠰᠣᠯᠢᠬᠤ ᠴᠢᠬᠤᠯᠠᠲᠠᠢ ᠵᠠᠷᠢᠮ ᠡᠪᠡᠳᠴᠢᠲᠡᠨ ᠴᠠᠭ ᠲᠤᠬᠠᠢ ᠳᠤ ᠨᠢ ᠮᠡᠰᠡ ᠵᠠᠰᠠᠯ ᠬᠢᠵᠦ ᠴᠢᠳᠠᠬᠤ ᠦᠭᠡᠢ ᠪᠠᠶᠢᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠬᠡᠮᠵᠢᠶ᠎ᠡ ᠲᠠᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠪᠣᠯ ᠵᠢᠷᠦᠬᠡᠨ ᠤ ᠲᠢᠲᠢᠮ ᠰᠤᠳᠠᠯ ᠤᠨ ᠲᠣᠯᠣᠭᠠᠰᠤ ᠶᠢ ᠲᠥᠪᠯᠡᠷᠡᠭᠦᠯᠦᠨ ᠬᠤᠳᠠᠯᠳᠤᠨ ᠠᠪᠬᠤ ᠶᠢ ᠨᠠᠶᠢᠳᠠᠪᠤᠷᠢᠵᠢᠭᠤᠯᠤᠭᠰᠠᠨ ᠤ ᠳᠠᠷᠠᠭᠠᠬᠢ᠂ ᠤᠯᠤᠰ ᠠᠴᠠ ᠵᠣᠬᠢᠶᠠᠨ ᠪᠠᠶᠢᠭᠤᠯᠤᠭᠰᠠᠨ ᠬᠤᠶᠠᠳᠠᠭᠢ ᠪᠦᠯᠦᠭ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠲᠥᠪᠯᠡᠷᠡᠭᠦᠯᠦᠨ ᠬᠤᠳᠠᠯᠳᠤᠨ ᠠᠪᠤᠭᠰᠠᠨ ᠠᠵᠢᠯᠯᠠᠭ᠎ᠠ ᠪᠣᠯᠣᠨ᠎ᠠ᠃ ᠲᠣᠰ ᠤᠳᠠᠭᠠᠨ ᠤ ᠵᠣᠬᠢᠶᠠᠮᠠᠯ ᠦᠶ᠎ᠡ ᠭᠡᠰᠢᠭᠦᠦ ᠶᠢᠨ ᠲᠦᠪᠯᠡᠷᠡᠭᠦᠯᠦᠨ ᠬᠤᠳᠠᠯᠳᠤᠨ ᠠᠪᠬᠤ ᠦᠢᠯᠡᠳᠬᠦᠨ ᠳᠤ ᠵᠣᠬᠢᠶᠠᠮᠠᠯ ᠰᠡᠭᠦᠵᠢᠨ ᠦᠶ᠎ᠡ ᠪᠠ ᠵᠣᠬᠢᠶᠠᠮᠠᠯ ᠡᠪᠦᠳᠦᠭ ᠤᠨ ᠦᠶ᠎ᠡ ᠪᠠᠭᠲᠠᠨ᠎ᠠ᠃ ᠰᠣᠩᠭᠤᠭᠳᠠᠭᠰᠠᠨ ᠵᠣᠬᠢᠶᠠᠮᠠᠯ ᠰᠡᠭᠦᠵᠢᠨ ᠦᠶ᠎ᠡ ᠶᠢᠨ ᠳᠤᠮᠳᠠᠴᠢ ᠦᠨ᠎ᠡ ᠨᠢ 3.5 ᠲᠦᠮᠡᠨ ᠲᠥᠭᠦᠷᠢᠭ ᠪᠠᠶᠢᠭᠰᠠᠨ ᠠᠴᠠ ᠪᠠᠨ ᠪᠠᠭᠤᠷᠠᠭᠠᠳ 7000 ᠲᠥᠭᠦᠷᠢᠭ ᠣᠷᠴᠢᠮ ᠪᠣᠯᠵᠤ᠂ ᠵᠣᠬᠢᠶᠠᠮᠠᠯ ᠡᠪᠦᠳᠦᠭ ᠤᠨ ᠦᠶ᠎ᠡ ᠶᠢᠨ ᠳᠤᠮᠳᠠᠴᠢ ᠦᠨ᠎ᠡ ᠨᠢ 3.2 ᠲᠦᠮᠡᠨ ᠲᠥᠭᠦᠷᠢᠭ ᠪᠠᠶᠢᠭᠰᠠᠨ ᠠᠴᠠ ᠪᠠᠨ ᠪᠠᠭᠤᠷᠠᠭᠠᠳ 5000 ᠲᠥᠭᠦᠷᠢᠭ ᠣᠷᠴᠢᠮ ᠪᠣᠯᠵᠤ᠂ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 82% ᠲᠤ ᠬᠦᠷᠴᠡᠢ᠃ ᠣᠳᠣᠬᠠᠨ ᠳᠤ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠦᠨ᠎ᠡ ᠨᠡᠮᠡᠬᠦ ᠦᠭᠡᠢ ᠪᠣᠷᠣᠯᠠᠭᠤᠯᠬᠤ ᠶᠢ ᠪᠡᠶᠡᠯᠡᠭᠦᠯᠵᠦ᠂ ᠡᠪᠡᠳᠴᠢᠲᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠢᠯᠡᠳᠲᠡ ᠬᠥᠩᠭᠡᠷᠡᠭᠦᠯᠪᠡ᠃ ︽ᠦᠶ᠎ᠡ ᠭᠡᠰᠢᠭᠦᠦ ᠶᠢ ᠰᠣᠯᠢᠬᠤ ᠮᠡᠰᠡ ᠵᠠᠰᠠᠯ ᠬᠢᠬᠦ ᠳᠤ ᠬᠡᠷᠡᠭᠰᠡᠬᠦ ᠬᠤᠷᠣᠭᠳᠠᠯ ᠮᠠᠲ᠋ᠧᠷᠢᠶᠠᠯ ᠠᠴᠠ ᠭᠠᠳᠠᠨ᠎ᠠ ᠪᠠᠰᠠ ᠡᠪᠡᠳᠴᠢᠲᠡᠨ ᠤ ᠪᠠᠶᠢᠳᠠᠯ ᠢ ᠦᠨᠳᠦᠰᠦᠯᠡᠭᠡᠳ ᠪᠤᠰᠤᠳ ᠵᠠᠷᠤᠳᠠᠯ ᠬᠤᠷᠢᠶᠠᠳᠠᠭ᠂ ᠡᠶᠢᠮᠦ ᠠᠴᠠ ᠡᠪᠡᠳᠴᠢᠲᠡᠨ ᠨᠢᠭᠡ ᠪᠦᠷᠢ ᠶᠢᠨ ᠮᠡᠰᠡ ᠵᠠᠰᠠᠯ ᠤᠨ ᠵᠠᠷᠤᠳᠠᠯ ᠨᠢ ᠴᠥᠮ ᠠᠳᠠᠯᠢ ᠦᠭᠡᠢ ᠪᠠᠶᠢᠳᠠᠭ᠂ ᠵᠠᠷᠢᠮ ᠳᠤ ᠪᠠᠨ ᠬᠠᠮᠤᠭ ᠤᠨ ᠥᠨᠳᠥᠷ ᠵᠠᠷᠤᠳᠠᠯ ᠨᠢ 7 ᠲᠦᠮᠡ ᠭᠠᠷᠤᠢ ᠲᠥᠭᠦᠷᠢᠭ ᠲᠤ ᠬᠦᠷᠳᠡᠭ᠂ ᠡᠨᠡ ᠤᠳᠠᠭ᠎ᠠ ᠦᠨ᠎ᠡ ᠪᠠᠭᠤᠷᠠᠭᠤᠯᠤᠭᠰᠠᠨ ᠤ ᠳᠠᠷᠠᠭ᠎ᠠ ᠬᠠᠮᠤᠭ ᠤᠨ ᠥᠨᠳᠥᠷ ᠲᠤ ᠪᠠᠨ 1 ᠲᠦᠮᠡᠨ ᠲᠥᠭᠦᠷᠢᠭ ᠠᠴᠠ ᠬᠡᠲᠦᠷᠡᠬᠦ ᠦᠭᠡᠢ ᠪᠣᠯᠵᠠᠢ᠃ ᠪᠢᠳᠡ ᠡᠨᠡ ᠤᠳᠠᠭᠠᠨ ᠤ ᠦᠨ᠎ᠡ ᠶᠢ ᠲᠣᠬᠢᠷᠠᠭᠤᠯᠬᠤ ᠪᠠᠷ ᠳᠠᠮᠵᠢᠨ᠂ ᠦᠶ᠎ᠡ ᠭᠡᠰᠢᠭᠦᠦ ᠰᠣᠯᠢᠬᠤ ᠴᠢᠬᠤᠯᠠᠲᠠᠢ ᠡᠪᠡᠳᠴᠢᠲᠡᠨ ᠳᠤ ᠴᠠᠭ ᠲᠤᠬᠠᠢ ᠳᠤ ᠨᠢ ᠪᠦᠲᠦᠮᠵᠢᠲᠡᠶ ᠡᠮᠴᠢᠯᠡᠭᠡ ᠬᠢᠬᠦ ᠶᠢ ᠬᠦᠰᠡᠵᠦ ᠪᠠᠶᠢᠨ᠎ᠠ︾ ᠭᠡᠵᠦ ᠠᠶᠢᠮᠠᠭ ᠤᠨ ᠭᠤᠣᠯ ᠡᠮᠨᠡᠯᠭᠡ ᠶᠢᠨ ᠬᠤᠷᠢᠶᠠᠨ ᠤ ᠶᠠᠰᠤᠨ ᠤ ᠬᠤᠶᠠᠳᠤᠭᠠᠷ ᠰᠠᠯᠠᠭᠠᠨ ᠤ ᠡᠷᠬᠢᠯᠡᠭᠴᠢ ᠬᠤᠤ ᠱᠢ ᠵᠦᠩ ᠰᠤᠷᠪᠤᠯᠵᠢᠯᠠᠭᠴᠢ ᠳᠤ ᠲᠠᠨᠢᠯᠴᠠᠭᠤᠯᠪᠠ᠃      ᠰᠢᠯᠢ ᠶᠢᠨ ᠭᠤᠣᠯ ᠠᠶᠢᠮᠠᠭ ᠤᠨ ᠲᠣᠰ ᠤᠳᠠᠭᠠᠨ ᠤ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ ᠣᠷᠣᠯᠴᠠᠭᠰᠠᠨ ᠡᠮᠴᠢᠯᠡᠭᠡᠨ ᠤ ᠪᠠᠶᠢᠭᠤᠯᠤᠮᠵᠢ 9 ᠪᠠᠶᠢᠵᠤ᠂ ᠤᠷᠢᠳᠴᠢᠯᠠᠨ ᠬᠤᠳᠠᠯᠳᠤᠨ ᠠᠪᠬᠤ ᠬᠡᠮᠵᠢᠶ᠎ᠡ ᠨᠢ 989 ᠢᠵᠢ ᠪᠣᠯᠣᠨ᠎ᠠ᠃ ᠲᠣᠰ ᠤᠳᠠᠭᠠᠨ ᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠬᠡᠯᠡᠯᠴᠡᠭᠡᠷ ᠤᠨ ᠬᠤᠭᠤᠴᠠᠭ᠎ᠠ ᠨᠢ 2 ᠵᠢᠯ ᠪᠠᠶᠢᠵᠤ᠂ ᠬᠡᠯᠡᠯᠴᠡᠭᠡᠷ ᠤᠨ ᠬᠤᠭᠤᠴᠠᠭᠠᠨ ᠳᠤ ᠡᠨᠡ ᠬᠦ ᠦᠨ᠎ᠡ ᠶᠢ ᠪᠠᠲᠤᠯᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ