ᠪᠠᠶᠠᠨᠨᠠᠭᠤᠷ ᠬᠤᠲᠠ ᠪᠥᠬᠦ ᠤᠯᠤᠰ ᠤᠨ ᠪᠣᠬᠢᠷᠳᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ︵ᠪᠤᠭᠤᠳᠠᠢ︶ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 3 ᠪᠠᠶᠢᠭᠤᠯᠪᠠ
ᠨᠡᠶᠢᠲᠡᠯᠡᠭᠰᠡᠨ ᠴᠠᠭ᠄
2022/4/26
      ᠣᠳᠣᠬᠠᠨ ᠳᠤ᠂ ᠪᠠᠶᠠᠨᠨᠠᠭᠤᠷ ᠬᠤᠲᠠ ᠨᠢᠭᠡᠨᠲᠡ ᠪᠥᠬᠦ ᠤᠯᠤᠰ ᠤᠨ ᠪᠣᠬᠢᠷᠳᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ︵ᠪᠤᠭᠤᠳᠠᠢ︶ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ 3 ᠪᠠᠶᠢᠭᠤᠯᠪᠠ᠃      ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠪᠠᠶᠠᠨᠨᠠᠭᠤᠷ ᠬᠤᠲᠠ ᠪᠥᠬᠦ ᠤᠯᠤᠰ ᠤᠨ ᠪᠣᠬᠢᠷᠳᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ︵ᠪᠤᠭᠤᠳᠠᠢ︶ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢ ᠴᠢᠩᠭᠠᠳᠬᠠᠭᠰᠠᠨ ᠪᠥᠭᠡᠳ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠣᠳᠣᠬᠠᠨ ᠳᠤ᠂ ᠪᠠᠶᠠᠨᠨᠠᠭᠤᠷ ᠬᠤᠲᠠ ᠳᠤ ᠪᠥᠬᠦ ᠤᠯᠤᠰ ᠤᠨ ᠪᠣᠬᠢᠷᠳᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ︵ᠪᠤᠭᠤᠳᠠᠢ︶ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠨᠡᠶᠢᠲᠡ 3 ᠪᠠᠶᠢᠵᠤ᠂ 105 ᠲᠦᠮᠡᠨ ᠮᠦ ᠭᠠᠵᠠᠷ ᠡᠵᠡᠯᠡᠵᠦ ᠪᠤᠢ᠃ ᠡᠭᠦᠨ ᠳᠤ᠂ ᠯᠢᠨ ᠾᠧ ᠲᠣᠭᠤᠷᠢᠭ ᠲᠤ 30 ᠲᠦᠮᠡᠨ ᠮᠦ᠂ ᠦᠶᠤᠸᠠᠨ ᠰᠢᠶᠠᠨ ᠳᠤ 35 ᠲᠦᠮᠡᠨ ᠮᠦ᠂ ᠬᠠᠩᠭᠢᠨ ᠬᠤᠶᠢᠲᠤ ᠬᠤᠰᠢᠭᠤᠨ ᠳᠤ 40 ᠲᠦᠮᠡᠨ ᠮᠦ ᠪᠠᠶᠢᠵᠤ᠂ ᠪᠣᠬᠢᠷᠳᠤᠯ ᠦᠭᠡᠢ ᠢᠳᠡᠭᠡᠨ ᠡᠳ᠋ᠰᠢᠭᠦᠯᠬᠦ 15 ᠠᠵᠤ ᠠᠬᠤᠶᠢᠯᠠᠯ ᠲᠠᠢ ᠵᠣᠯᠭᠠᠭᠤᠯᠵᠤ᠂ ᠵᠣᠯᠭᠠᠭᠤᠯᠤᠭᠰᠠᠨ ᠲᠠᠯᠠᠪᠠᠶ ᠨᠢ 88.46 ᠲᠦᠮᠡᠨ ᠮᠦ ᠳᠤ ᠬᠦᠷᠴᠦ᠂ ᠵᠣᠯᠭᠠᠭᠤᠯᠤᠭᠰᠠᠨ ᠨᠣᠷᠮ᠎ᠠ  ᠨᠢ 84.24% ᠳᠤ ᠬᠦᠷᠴᠡᠢ᠃ 2022 ᠣᠨ ᠳᠤ ᠪᠠᠶᠠᠨᠨᠠᠭᠤᠷ ᠬᠤᠲᠠ ᠶᠢᠨ ᠪᠥᠬᠦ ᠤᠯᠤᠰ ᠤᠨ ᠪᠣᠬᠢᠷᠳᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ︵ᠪᠤᠭᠤᠳᠠᠢ︶ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠠᠷᠢᠮᠠᠯ ᠤᠨ ᠡᠷᠦᠬᠡ ᠪᠠ ᠵᠣᠯᠭᠠᠭᠤᠯᠤᠭᠰᠠᠨ ᠠᠵᠤ ᠠᠬᠤᠶᠢᠯᠠᠯ ᠤᠨ ᠵᠥᠪᠳᠡᠯᠴᠡᠭᠡᠷ ᠤᠨ ᠦᠨ᠎ᠡ ᠨᠢ ᠺᠢᠯᠣᠭ᠍ᠷᠠᠮ ᠪᠦᠷᠢ ᠳᠤ ᠪᠠᠨ 3.6 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠪᠡ᠃ ᠪᠦᠬᠦ ᠤᠯᠤᠰ ᠤᠨ ᠪᠣᠬᠢᠷᠳᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ︵ᠪᠤᠭᠤᠳᠠᠢ︶ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠨᠢ ᠪᠣᠬᠢᠷᠳᠤᠯ ᠦᠭᠡᠢ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠦᠲᠦᠭᠡᠭᠳᠡᠬᠦᠨ ᠪᠣᠯᠣᠨ ᠪᠣᠬᠢᠷᠳᠤᠯ ᠦᠭᠡᠢ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠪᠦᠲᠦᠮᠵᠢᠲᠡᠶ ᠨᠡᠪᠲᠡᠷᠡᠭᠦᠯᠵᠦ᠂ ᠲᠠᠷᠢᠶᠠᠯᠠᠩ ᠠᠵᠤ ᠠᠬᠤᠶᠢᠯᠠᠯ ᠤᠨ ᠠᠰᠢᠭ ᠲᠤᠰᠠ ᠶᠢ ᠨᠢᠭᠲᠠ ᠬᠤᠯᠪᠣᠯᠳᠤᠭᠤᠯᠬᠤ ᠲᠣᠭᠲᠠᠴᠠ ᠶᠢ ᠪᠠᠶᠢᠭᠤᠯᠵᠤ᠂ ᠪᠠᠶᠠᠨᠨᠠᠭᠤᠷ ᠬᠤᠲᠠ ᠶᠢᠨ ᠪᠣᠬᠢᠷᠳᠤᠯ ᠦᠭᠡᠢ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠭᠰᠠᠨ ᠮᠥᠷᠲᠡᠭᠡᠨ ᠪᠠᠷᠢᠮᠵᠢᠶᠠᠵᠢᠭᠤᠯᠤᠨ ᠦᠢᠯᠡᠳᠪᠦᠷᠢᠯᠡᠬᠦ᠂ ᠬᠡᠪᠴᠢᠶᠡᠵᠢᠭᠦᠯᠦᠨ ᠬᠥᠭᠵᠢᠭᠦᠯᠬᠦ᠂ ᠨᠠᠷᠠᠲᠤ ᠲᠥᠷᠥᠯ ᠲᠡᠮᠳᠡᠭᠵᠢᠭᠦᠯᠦᠨ ᠳᠠᠶᠢᠴᠢᠯᠠᠬᠤ ᠢᠯᠡ ᠲᠣᠳᠣ ᠣᠨᠴᠠᠯᠢᠭ ᠪᠠ ᠥᠪᠡᠷᠮᠢᠴᠡ ᠳᠠᠪᠠᠭᠤᠯᠢᠭ ᠢ ᠳᠠᠶᠢᠴᠢᠯᠠᠬᠤ ᠶᠢ ᠳᠣᠪᠣᠶᠢᠯᠭᠠᠪᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ