ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/27

      4 ᠰᠠᠷ᠎ᠠ ᠶᠢᠨ 21᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠲᠠᠪᠤᠳᠤᠭᠠᠷ ᠤᠳᠠᠭ᠎ᠠ ᠶᠢᠨ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠪᠦᠬᠦ ᠤᠯᠤᠰ ᠤᠨ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠠᠬᠢᠭᠤᠯᠬᠤ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠠᠶᠤᠯᠭᠦᠢ ᠦᠢᠯᠡᠳᠪᠦᠷᠢᠯᠡᠯ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠬᠤ ᠵᠡᠷᠭᠡ ᠵᠦᠢᠯ ᠢ ᠰᠤᠳᠤᠯᠵᠠᠢ᠃
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠲᠠᠪᠤᠳᠤᠭᠠᠷ ᠤᠳᠠᠭ᠎ᠠ ᠶᠢᠨ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠮᠠᠨ ᠤ ᠣᠷᠣᠨ ᠤ ᠪᠣᠳᠠᠲᠤ ᠪᠠᠶᠢᠳᠠᠯ ᠠᠴᠠ ᠪᠠᠨ ᠡᠭᠦᠰᠴᠦ᠂ ᠡᠭᠦᠷᠭᠡ ᠴᠢᠳᠠᠪᠬᠢ ᠪᠠᠨ ᠬᠤᠪᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠭᠡᠬᠦ ᠭᠡᠷᠡᠭᠲᠡᠢ︔ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠠᠷᠢᠯᠢᠭ ᠣᠨᠣᠪᠴᠢᠲᠠᠢ᠂ ᠦᠷᠭᠦᠯᠵᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠡᠷᠡᠭᠲᠡᠢ︔ ᠭᠦᠶᠴᠡᠳᠭᠡᠯ ᠲᠤᠭ᠎ᠠ ᠶᠢᠨ ᠬᠤᠪᠢ ᠶᠢᠨ ᠵᠢᠩ᠂ ᠦᠷ᠎ᠡ ᠳ᠋ᠦᠩ ᠤᠨ ᠠᠰᠢᠬᠯᠠᠯᠳᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠵᠤ ᠲᠦᠷᠢᠮ ᠢ ᠪᠠᠶᠢᠭᠤᠯᠤᠨ ᠪᠦᠷᠢᠨᠰᠢᠭᠦᠯᠬᠦ ᠭᠡᠷᠡᠭᠲᠡᠢ︔ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠤᠨᠤᠴᠠᠳᠠᠢ ᠪᠠᠷ ᠪᠡᠯᠡ ᠤᠷᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠶᠢ ᠳᠡᠮᠵᠢᠬᠦ ᠮᠥᠩᠭᠦᠨ ᠭᠦᠶᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠲᠡᠢ︔ ᠶᠠᠰᠤ ᠴᠢᠨᠠᠷ᠂ ᠠᠵᠢᠯ ᠤᠨ ᠠᠮᠵᠢᠯᠲᠠ᠂ ᠬᠤᠪᠢ ᠨᠡᠮᠡᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠥᠭᠡᠷᠡᠴᠢᠯᠡᠯᠲᠡ ᠶᠢᠨ ᠠᠰᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠭᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠪᠠᠶᠢᠷᠢᠯᠠᠭᠤᠯᠤᠯᠲᠠ ᠬᠢᠪᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠬᠠᠮᠰᠠᠷ ᠠᠴᠠ ᠪᠠᠨ ︽ᠬᠤᠶᠠᠷ ᠶᠡᠭᠡ ᠲᠠᠯ᠎ᠠ︾᠎ ᠳᠤ ᠵᠣᠭᠰᠣᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠶᠯ ᠢ ᠪᠠᠲᠤᠯᠠᠬᠤ᠂ ᠪᠠᠷᠠᠭᠠᠨ ᠤ ᠲᠡᠭᠡᠭᠡᠪᠦᠷᠢ ᠶᠢ ᠰᠠᠭᠠᠳ ᠥᠬᠡᠶ ᠨᠡᠪᠲᠡᠷᠡᠭᠦᠯᠬᠦ᠂ ᠠᠵᠤ ᠦᠶᠯᠡᠰ ᠢ ᠣᠷᠴᠢᠯ ᠲᠠᠢ ᠪᠣᠯᠭᠠᠬᠤ ᠴᠢᠬᠤᠯᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢ ᠱᠠᠯᠠᠪᠳᠠᠨ ᠪᠠᠶᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠲᠤᠰᠬᠠᠭᠰᠠᠨ ᠲᠦᠭᠵᠢᠷᠡᠵᠦ ᠬᠦᠴᠢᠷᠳᠡᠵᠦ ᠲᠦᠪᠡᠭᠳᠡᠵᠦ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠵᠦ᠂ ᠪᠠᠷᠠᠭᠠᠨ ᠤ ᠭᠦᠢᠯᠭᠡᠭᠡᠨ ᠤ ︽ᠨᠢᠭᠡ ᠶᠢ ᠬᠤᠷᠢᠬᠯᠠᠵᠦ ᠭᠤᠷᠪᠠ ᠶᠢ ᠦᠯᠦ ᠲᠠᠰᠤᠯᠳᠠᠭᠤᠯᠬᠤ︾ ᠵᠡᠷᠭᠡ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠱᠠᠭᠠᠷᠳᠠᠯᠭ᠎ᠠ ᠶᠢ ᠲᠡᠷᠡ ᠶᠤᠰᠤᠭᠠᠷ ᠨᠢ ᠪᠤᠳᠠᠳᠠᠢ ᠳᠤ ᠨᠠᠶᠢᠳᠠᠪᠦᠷᠢᠵᠢᠭᠤᠯᠵᠤ᠂ ᠪᠤᠳᠠᠳᠠᠢ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠳᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃
      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠪᠣᠯ ᠤᠯᠤᠰ ᠤᠨ ᠶᠡᠭᠡ ᠶᠠᠪᠤᠳᠠᠯ ᠪᠣᠯᠬᠤ ᠪᠥᠭᠡᠳ ᠪᠠᠰᠠ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠶᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠶᠯᠡᠳᠦᠯᠭᠡᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠷᠪᠠᠨ ᠲᠠᠪᠤᠨ ᠵᠦᠶᠯ ᠤᠨ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠭᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠪᠥᠬᠦ ᠣᠷᠣᠨ ᠤ ᠠᠶᠤᠯᠭᠦᠢ ᠦᠶᠯᠡᠳᠪᠦᠷᠢᠯᠡᠯ ᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠵᠡᠮᠳᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠥᠨᠥᠳᠦᠷ ᠤᠨ ᠠᠷᠠᠯᠵᠢᠶᠠᠴᠢᠨ ᠤᠷᠢᠬᠤ ᠡᠷᠴᠢᠮ ᠪᠣᠯ ᠳᠠᠷᠤᠢ ᠢᠷᠡᠬᠦ ᠮᠠᠷᠭᠠᠰᠢ ᠶᠢᠨ ᠬᠥᠭᠵᠢᠯᠲᠡ ᠶᠢᠨ ᠦᠨᠳᠦᠷᠴᠡ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠲᠠᠢ ᠨᠢᠭᠲᠠ ᠤᠶᠠᠯᠳᠤᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠭᠡᠬᠦ ᠲᠠᠢ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠡᠬᠢᠨ ᠤ ᠪᠠ ᠡᠴᠦᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠲᠠᠢ ᠨᠢᠭᠲᠠ ᠤᠶᠠᠯᠳᠤᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠥᠴᠦᠬᠡᠨ ᠴᠦ ᠴᠠᠯᠠᠭᠠᠶᠢᠷᠠᠬᠤ ᠦᠭᠡᠢ ᠪᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠥ᠂ ︽ᠡᠬᠢᠯᠡᠬᠦ ᠳᠤ ᠲᠣᠭᠲᠠᠭᠤᠨ ᠪᠠᠶᠢᠯᠭᠠᠬᠤ︾᠎ ᠶᠢ ︽ᠪᠦᠬᠦ ᠵᠢᠯ ᠢᠶᠠᠷ ᠢᠶᠠᠨ ᠲᠣᠭᠲᠠᠭᠤᠨ ᠪᠠᠶᠢᠯᠭᠠᠬᠤ︾ ᠪᠤᠯᠭᠠᠨ ᠬᠤᠪᠢᠷᠠᠭᠤᠯᠵᠤ᠂ ︽ᠡᠬᠢᠯᠡᠯᠲᠡ ᠰᠠᠶᠢᠨ ᠪᠠᠶᠢᠬᠤ︾᠎ ᠶᠢ ︽ᠪᠦᠬᠦ ᠵᠢᠯ ᠢᠶᠠᠷ ᠢᠶᠠᠨ ᠰᠠᠶᠢᠨ ᠪᠠᠶᠢᠬᠤ︾ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ᠠᠵᠤ ᠠᠬᠤᠢ ᠶᠢᠨ ᠡᠷᠭᠢᠯᠲᠡ᠂ ᠠᠵᠢᠯ ᠣᠯᠭᠤᠵᠤ ᠦᠢᠯᠡᠰ ᠪᠤᠰᠬᠠᠬᠤ᠂ ᠲᠤᠭ᠎ᠠ ᠪᠦᠷᠢᠳᠭᠡᠯ ᠤᠨ ᠬᠢᠨᠠᠯᠲᠠ ᠲᠠᠯᠪᠢᠬᠤ ᠵᠡᠷᠭᠡ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ