ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠱᠠᠩᠬᠠᠢ ᠶᠢ ᠲᠤᠰᠠᠯᠠᠬᠤ ᠡᠮᠴᠢᠯᠡᠭᠡᠨ ᠤ ᠠᠩᠬᠢ ᠶᠢ ᠦᠳᠡᠨ ᠮᠣᠷᠳᠠᠭᠤᠯᠪᠠ
ᠨᠡᠶᠢᠲᠡᠯᠡᠭᠰᠡᠨ ᠴᠠᠭ᠄
2022/4/27
      4 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠱᠠᠩᠬᠠᠢ ᠬᠤᠳᠠ ᠳᠤ ᠬᠦᠷᠴᠦ ᠬᠢᠵᠢᠭ ᠲᠠᠢ ᠲᠡᠮᠡᠴᠡᠬᠦ ᠶᠢ ᠲᠤᠰᠠᠯᠠᠬᠤ ᠡᠮᠴᠢᠯᠡᠭᠡᠨ ᠤ ᠠᠩᠬᠢ ᠮᠣᠷᠳᠠᠪᠠ᠃ ᠡᠨᠡ ᠪᠣᠯ ᠬᠤᠪᠸᠢ ᠮᠤᠵᠢ ᠶᠢ ᠲᠤᠰᠠᠯᠠᠵᠤ᠂ ᠭᠢᠷᠢᠨ ᠮᠤᠵᠢ ᠶᠢ ᠲᠤᠰᠠᠯᠠᠭᠰᠠᠨ ᠤ ᠳᠠᠷᠠᠭᠠᠬᠢ ᠮᠠᠨ ᠤ ᠣᠷᠣᠨ ᠠᠴᠠ ᠬᠠᠮᠤᠭ ᠤᠨ ᠣᠯᠠᠨ ᠡᠮᠴᠢᠯᠡᠭᠡᠨ ᠤ ᠠᠵᠢᠯᠲᠠᠨ ᠲᠣᠮᠢᠯᠠᠭᠰᠠᠨ ᠨᠢᠭᠡ ᠤᠳᠠᠭ᠎ᠠ ᠶᠢᠨ ᠮᠤᠵᠢ ᠠᠯᠤᠰᠯᠠᠨ ᠬᠢᠵᠢᠭ ᠲᠠᠢ ᠲᠡᠮᠡᠴᠡᠬᠦ ᠡᠮᠴᠢᠯᠡᠭᠡᠨ ᠤ ᠲᠤᠰᠠᠯᠠᠮᠵᠢ ᠶᠢᠨ ᠠᠵᠢᠯᠯᠠᠭ᠎ᠠ ᠪᠣᠯᠤᠨ᠎ᠠ᠃

1.jpg

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ

ᠡᠷᠬᠢᠯᠡᠭᠴᠢ ᠱᠢ ᠲᠠᠢ ᠹᠧᠩ ᠡᠮᠴᠢᠯᠡᠭᠡᠨ ᠤ ᠠᠩᠭᠢ ᠶᠢᠨ ᠱᠠᠩᠬᠠᠶ ᠶᠢ ᠲᠤᠰᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠰᠢ ᠬᠠᠯᠠᠮᠵᠢᠯᠠᠵᠤ᠂

ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠬᠡᠪ ᠪᠣᠯᠪᠠᠰᠤᠷᠠᠯ ᠢᠶᠠᠷ ᠥᠨᠳᠥᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠴᠢᠩᠭ᠎ᠠ᠂

ᠲᠤᠰᠬᠠᠶ ᠮᠡᠷᠭᠡᠵᠢᠯ ᠤᠨ ᠬᠡᠷᠡᠭᠴᠡᠭᠡ ᠳᠤ ᠨᠡᠶᠢᠴᠡᠭᠰᠡᠨ ᠡᠮᠴᠢ ᠰᠣᠪᠢᠯᠠᠭᠴᠢᠳ ᠢ ᠨᠠᠷᠢᠨ ᠨᠢᠮᠪᠠᠶ ᠰᠣᠩᠭᠤᠵᠤ ᠰᠢᠯᠢᠳᠡᠭ ᠡᠩᠨᠡᠭᠡ ᠶᠢ ᠪᠠᠶᠢᠭᠤᠯᠵᠤ᠂ ᠬᠠᠮᠤᠭ ᠤᠨ

ᠲᠡᠷᠢᠭᠦᠨ ᠳᠤ ᠱᠠᠩᠬᠠᠶ ᠶᠢᠨ ᠬᠢᠵᠢᠭ ᠲᠠᠢ ᠲᠡᠮᠡᠴᠡᠬᠦ ᠡᠮᠦᠨ᠎ᠡ ᠹᠷᠣᠨᠲ ᠲᠤ ᠬᠦᠷᠴᠦ ᠲᠤᠰᠠᠯᠠᠬᠤ ᠬᠡᠷᠡᠭᠲᠡᠶ ᠭᠡᠵᠦ ᠵᠢᠭᠠᠪᠤᠷᠢ ᠦᠭᠴᠡᠢ᠃ ᠪᠤᠭᠤᠲᠤ ᠬᠤᠲᠠ ᠳᠤ

ᠪᠠᠶᠢᠴᠠᠭᠠᠨ ᠰᠤᠳᠤᠯᠤᠯᠲᠠ ᠬᠢᠵᠤ ᠪᠠᠶᠢᠬᠤ ᠬᠤᠭᠤᠴᠠᠭᠠᠨ ᠳᠤ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ

ᠣᠷᠣᠨ ᠤ ᠲᠡᠷᠢᠭᠦᠯᠡᠭᠴᠢ ᠸᠠᠩ ᠯᠢ ᠰᠢᠶᠠ ᠳᠤ ᠬᠥᠬᠡᠬᠤᠲᠠ ᠶᠢᠨ ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠳᠤ ᠬᠦᠷᠴᠦ ᠡᠮᠴᠢᠯᠡᠭᠡᠨ ᠤ ᠠᠩᠭᠢ ᠳᠤ ᠲᠤᠭ ᠣᠯᠭᠤᠵᠤ

ᠦᠳᠡᠨ ᠮᠣᠷᠳᠠᠭᠤᠯᠬᠤ ᠶᠢ ᠲᠤᠰᠬᠠᠶᠢᠯᠠᠨ ᠨᠠᠶᠢᠳᠠᠪᠠ᠃

2.jpg

      ᠦᠳᠡᠨ ᠮᠣᠷᠳᠠᠭᠤᠯᠬᠤ ᠶᠣᠰᠣᠯᠠᠯ ᠳᠡᠭᠡᠷ᠎ᠡ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ

ᠡᠮᠦᠨ᠎ᠡ ᠠᠴᠠ ᠪᠦᠬᠦ ᠭᠡᠰᠢᠭᠦᠳ ᠲᠤ ᠡᠷᠬᠢᠮ ᠳᠡᠭᠡᠳᠦ ᠬᠦᠨᠳᠦᠳᠭᠡᠯ ᠪᠣᠯᠤᠨ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠨᠢᠭᠡ ᠨᠢ ᠬᠦᠴᠢᠷᠳᠡᠪᠡᠯ

ᠨᠡᠶᠢᠲᠡ ᠪᠠᠷ ᠢᠶᠠᠨ ᠲᠤᠰᠠᠯᠠᠬᠤ ᠪᠤᠯ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠪᠣᠯᠬᠤ ᠪᠠᠷ ᠪᠠᠷᠠᠬᠤ ᠥᠬᠡᠶ᠂ ᠨᠠᠩ ᠴᠤ ᠳᠤᠮᠳᠠᠳᠤ ᠤᠯᠤᠰ ᠤᠨ

ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠯᠤᠲᠤ ᠶᠡᠭᠡ ᠳᠠᠪᠠᠭᠤᠯᠢᠭ ᠢ ᠢᠯᠡᠷᠡᠭᠦᠯᠪᠡ᠃ ᠱᠠᠩᠬᠠᠢ ᠳᠤ ᠬᠢᠵᠢᠭ ᠤᠨ ᠪᠠᠶᠢᠳᠠᠯ ᠡᠬᠦᠰᠦᠭᠰᠡᠨ ᠤ ᠳᠠᠷᠠᠭ᠎ᠠ᠂

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ

ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 900 ᠭᠠᠷᠤᠢ ᠡᠷᠡᠭᠦᠯ ᠡᠩᠬᠡ ᠶᠢᠨ ᠪᠠᠶᠢᠯᠳᠤᠬᠴᠢᠳ ᠢ ᠵᠣᠬᠢᠶᠠᠨ

ᠪᠠᠶᠢᠭᠤᠯᠵᠤ ᠱᠠᠩᠬᠠᠢ ᠶᠢ ᠲᠤᠰᠠᠯᠠᠬᠤ ᠳᠠᠶᠢᠨ ᠳᠤ ᠣᠷᠣᠯᠴᠠᠭᠤᠯᠬᠤ ᠪᠠᠷ ᠪᠤᠯᠪᠠ᠂ ᠡᠨᠡ ᠪᠤᠯ ︽ᠠᠮᠢ ᠨᠠᠰᠤ ᠶᠢ ᠳᠡᠭᠡᠳᠦᠯᠡᠬᠦ᠂ ᠤᠯᠤᠰ ᠳᠠᠶᠠᠭᠠᠷ ᠰᠡᠳᠭᠢᠯ ᠨᠢᠭᠡᠳᠬᠦ᠂

ᠦᠬᠦᠵᠦ ᠰᠡᠭᠡᠬᠦ ᠪᠠᠨ ᠤᠮᠠᠷᠲᠠᠬᠤ᠂ ᠰᠢᠨᠵᠢᠯᠡᠬᠦ ᠤᠬᠠᠭᠠᠨ ᠢ ᠬᠦᠨᠳᠦᠳᠭᠡᠬᠦ᠂ ᠬᠤᠪᠢ ᠵᠠᠶᠠᠭ᠎ᠠ ᠪᠠᠨ ᠬᠠᠮᠲᠤᠳᠬᠠᠬᠤ︾ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ

ᠰᠠᠨᠠᠭᠠᠨ ᠤ ᠲᠤᠬᠠᠢ ᠠᠮᠢᠳᠤᠯᠢᠭ ᠲᠠᠶᠢᠯᠪᠤᠷᠢᠯᠠᠯᠲᠠ ᠪᠣᠯᠤᠨ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠶᠣᠰᠣ ᠶᠢ ᠲᠠᠨᠢᠬᠤ᠂

ᠶᠡᠭᠡ ᠲᠠᠯ᠎ᠠ ᠶᠢ ᠪᠣᠳᠣᠯᠬᠢᠯᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠬᠦ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ ᠶᠢᠨ ᠭᠦᠢᠴᠡᠳ ᠢᠯᠡᠷᠡᠯ ᠪᠣᠯᠤᠨ᠎ᠠ᠃ ᠳᠡᠭᠡᠷ᠎ᠡ

ᠵᠠᠭᠤᠨ ᠤ ᠵᠢᠷᠠᠭᠠᠳ ᠣᠨ ᠳᠤ᠂ ᠥᠪᠥᠷ ᠮᠣᠩᠭᠤᠯ ᠱᠠᠩᠬᠠᠢ ᠬᠤᠶᠠᠷ ᠭᠠᠵᠠᠷ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠢᠷᠡᠭᠰᠡᠨ︾

ᠦᠨᠳᠦᠰᠦᠲᠡᠨ ᠤ ᠪᠦᠯᠬᠦᠮᠳᠡᠯ ᠤᠨ ᠲᠡᠦᠬᠡ ᠶᠢᠨ ᠢᠷᠠᠭᠤ ᠲᠠᠭᠤᠷᠢᠰᠬᠠᠯ ᠢ ᠪᠢᠴᠢᠭᠯᠡᠵᠡᠢ︔ ᠥᠨᠥᠳᠦᠷ᠂ ᠮᠠᠨ ᠤ ︽ᠶᠢᠰᠦᠨ ᠵᠠᠭᠤᠨ ᠪᠠᠶᠢᠯᠳᠤᠬᠴᠢ ᠱᠠᠩᠬᠠᠢ ᠳᠤ

ᠬᠦᠷᠴᠦ︾᠂ ᠥᠪᠥᠷ ᠮᠣᠩᠭᠤᠯ ᠱᠠᠩᠬᠠᠢ ᠬᠤᠶᠠᠷ ᠭᠠᠵᠠᠷ ᠤᠨ ᠦᠨᠳᠦᠰᠦᠲᠡᠨ ᠨᠦᠭᠦᠳ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ

ᠲᠡᠮᠡᠴᠡᠭᠰᠡᠨ ᠴᠠᠭ ᠦᠶ᠎ᠡ ᠶᠢᠨ ᠰᠢᠨ᠎ᠡ ᠳᠠᠭᠤᠤ ᠶᠢ ᠦᠷᠭᠦᠯᠵᠢᠯᠡᠬᠦᠯᠬᠦ ᠨᠢ ᠯᠠᠪᠲᠠᠢ ᠶᠤᠮ᠃ ᠢᠷᠠᠭᠤ ᠠᠯᠳᠠᠷᠲᠤ ᠡᠭᠦᠷᠭᠡ᠂ ᠪᠡᠷᠬᠡ ᠬᠠᠲᠠᠭᠤᠵᠢᠯᠲᠠᠢ ᠡᠭᠦᠷᠭᠡ ᠨᠢᠭᠡᠨᠲᠡ

ᠨᠥᠬᠦᠳ ᠤᠨ ᠮᠥᠷᠥᠨ ᠳᠡᠭᠡᠷ᠎ᠡ ᠲᠠᠯᠪᠢᠭᠳᠠᠯ᠎ᠠ᠂ ᠤᠯᠠᠨ ᠢᠶᠠᠷ ᠢᠶᠠᠨ ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠬᠤ ᠮᠣᠩᠭᠤᠯ ᠮᠤᠷᠢᠨ ᠤ ᠵᠣᠷᠢᠭ

ᠰᠠᠨᠠᠭ᠎ᠠ ᠶᠢ ᠭᠦᠢᠴᠡᠳ ᠪᠠᠳᠠᠷᠠᠭᠤᠯᠵᠤ᠂ ︽ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ᠂ ᠡᠮᠴᠢ ᠬᠥᠮᠦᠨ ᠤ ᠡᠨᠡᠷᠢᠩᠭᠦᠢ ᠰᠡᠳᠭᠢᠯ︾ ᠤᠨ ᠡᠷᠬᠢᠮ

ᠳᠡᠭᠡᠳᠦ ᠵᠠᠩ ᠰᠤᠷᠲᠠᠯ ᠢ ᠭᠦᠢᠴᠡᠳ ᠦᠢᠯᠡᠳᠦᠯᠭᠡᠵᠢᠭᠦᠯᠵᠦ᠂ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ

ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠤᠭ ᠤᠨ ᠨᠠᠷᠢᠨ ᠨᠢᠬᠳᠠ ᠡᠮᠴᠢᠯᠡᠭᠡᠨ ᠤ ᠮᠡᠷᠭᠡᠵᠢᠯ᠂ ᠬᠠᠮᠤᠭ ᠤᠨ ᠰᠢᠯᠢᠳᠡᠭ ᠦᠢᠯᠡᠴᠢᠯᠡᠭᠡ᠂ ᠬᠠᠮᠤᠭ ᠤᠨ ᠴᠢᠩ

ᠦᠨᠡᠨᠴᠢ ᠬᠠᠶᠢᠷ᠎ᠠ ᠰᠡᠳᠭᠢᠯᠭᠡ ᠪᠠᠷ ᠱᠠᠩᠬᠠᠢ ᠶᠢᠨ ᠠᠷᠠᠳ ᠲᠦᠮᠡᠨ ᠢ ᠲᠡᠮᠵᠢᠵᠤ᠂ ᠱᠠᠩᠬᠠᠢ ᠶᠢᠨ ᠬᠢᠵᠢᠭ ᠲᠠᠢ ᠲᠡᠮᠡᠴᠡᠬᠦ ᠳᠤ ᠥᠪᠥᠷ ᠮᠣᠩᠭᠤᠯ ᠤᠨ ᠬᠦᠴᠦᠨ

ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠪᠡ᠃

3.jpg

 

      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠱᠠᠩᠬᠠᠶ ᠬᠤᠲᠠ ᠳᠤ ᠬᠦᠷᠴᠦ ᠬᠢᠵᠢᠭ ᠲᠠᠢ ᠲᠡᠮᠡᠴᠡᠬᠦ ᠶᠢ ᠲᠤᠰᠠᠯᠠᠬᠤ ᠡᠮᠴᠢᠯᠡᠭᠡᠨ ᠤ ᠠᠩᠭᠢ ᠨᠢ

ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ᠂ ᠪᠠᠶᠠᠨᠨᠠᠭᠤᠷ᠂ ᠦᠬᠠᠶ ᠬᠤᠳᠠ ᠠᠴᠠ ᠢᠷᠡᠭᠰᠡᠨ 900 ᠭᠠᠷᠤᠶ ᠡᠮᠴᠢ᠂ ᠰᠤᠪᠢᠯᠠᠭᠴᠢ᠂ ᠡᠷᠡᠭᠦᠯ ᠬᠠᠮᠠᠭᠠᠯᠠᠯ ᠤᠨ

ᠮᠡᠷᠭᠡᠵᠢᠯ ᠤᠨ ᠠᠵᠢᠯᠲᠠᠨ ᠢᠶᠠᠷ ᠪᠦᠷᠢᠯᠳᠦᠵᠦ᠂ ᠲᠣᠰ ᠡᠳᠦᠷ ᠲᠤᠰ ᠲᠤᠰ ᠤᠨ ᠪᠠᠶᠢᠭ᠎ᠠ ᠠᠶᠢᠮᠠᠭ ᠬᠤᠲᠠ ᠠᠴᠠ ᠪᠠᠨ ᠮᠤᠷᠳᠠᠵᠤ ᠨᠢᠰᠭᠡᠯ ᠢᠶᠠᠷ ᠱᠠᠩᠬᠠᠶ ᠳᠤ ᠬᠦᠷᠦᠨ᠎ᠠ᠃

      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ

ᠬᠤᠸᠠᠩ ᡁᠢ ᠴᠢᠶᠠᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠠᠵᠢᠯᠯᠠᠭ᠎ᠠ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ