4 ᠰᠠᠷ᠎ᠠ ᠶᠢᠨ 26 ᠤ ᠡᠳᠦᠷ᠂ ᠪᠤᠭᠤᠲᠤ ᠬᠤᠳᠠ ᠳᠤ ᠬᠤᠯᠪᠣᠭᠳᠠᠯ ᠪᠦᠬᠦᠢ ᠠᠯᠪᠠᠨ ᠤ ᠠᠵᠢᠯᠯᠠᠭ᠎ᠠ ᠳᠤ ᠣᠷᠣᠯᠴᠠᠵᠤ ᠪᠠᠶᠢᠬᠤ ᠬᠤᠭᠤᠴᠠᠭᠠᠨ ᠳᠠᠭᠠᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠱᠢ ᠲᠠᠢ ᠹᠧᠩ ᠬᠥᠨᠳᠡᠯᠡᠨ ᠲᠣᠭᠤᠷᠢᠭ᠂ ᠳ᠋ᠦᠩ ᠾᠧ ᠲᠣᠭᠤᠷᠢᠭ᠂ ᠵᠢᠦ ᠶᠤᠸᠠᠨ ᠲᠣᠭᠤᠷᠢᠭ ᠲᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠲᠡᠷᠡ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠡᠷᠡᠰ ᠰᠢᠭᠤᠷᠬᠠᠶ ᠪᠠᠷ ᠬᠦᠳᠡᠯᠦᠯᠴᠡᠵᠤ᠂ | ᠡᠷᠡᠮᠡᠬᠡᠶᠢᠯᠡᠨ ᠪᠠᠶᠢᠯᠳᠤᠵᠤ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠠᠷᠭ᠎ᠠ ᠪᠦᠬᠦᠨ ᠢ ᠰᠦᠪᠡᠭᠴᠢᠯᠡᠨ ᠴᠠᠭ ᠮᠦᠴᠡ ᠲᠠᠢ ᠤᠷᠤᠯᠳᠤᠨ᠂ ᠬᠢᠵᠢᠭ ᠲᠠᠢ | ᠴᠢᠩᠭ᠎ᠠ ᠪᠤᠳᠠᠳᠠᠢ ᠪᠠᠷ ᠲᠡᠮᠡᠴᠡᠵᠤ᠂ ᠬᠠᠮᠤᠭ ᠤᠨ ᠶᠡᠭᠡ ᠴᠢᠷᠮᠠᠶᠢᠯᠭ᠎ᠠ᠂ ᠬᠠᠮᠤᠭ ᠤᠨ ᠲᠦᠷᠭᠡᠨ ᠬᠤᠷᠳᠤᠴᠠ ᠪᠠᠷ ᠬᠢᠵᠢᠭ ᠤᠨ ᠪᠠᠶᠢᠳᠠᠯ ᠤᠨ ᠳᠠᠷᠬᠠᠵᠦ ᠳᠡᠯᠭᠡᠷᠡᠬᠦ ᠵᠠᠮ ᠢ | ᠲᠠᠰᠤᠯᠵᠤ᠂ ᠪᠥᠬᠦ ᠬᠦᠴᠦᠨ ᠢᠶᠠᠷ ᠢᠶᠠᠨ ᠲᠡᠮᠡᠴᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ᠂ ᠰᠥᠨᠥᠭᠡᠯᠳᠡ ᠶᠢᠨ | ᠳᠠᠶᠢᠯᠠᠯᠳᠤᠭᠠᠨ ᠤ ᠢᠯᠠᠯᠲᠠ ᠶᠢ ᠣᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ | ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | | | | | | | | ᠲᠤᠰᠠᠭᠠᠷᠯᠠᠬᠤ ᠴᠡᠭ ᠤᠨ ᠰᠡᠷᠭᠡᠶᠢᠯᠡᠨ ᠡᠵᠡᠮᠳᠡᠬᠦ ᠠᠵᠢᠯ ᠴᠢᠩᠭ᠎ᠠ ᠪᠠᠶᠢᠬᠤ ᠡᠰᠡᠬᠦ᠂ ᠯᠠᠪᠳᠠᠭᠤᠨ ᠪᠣᠳᠠᠲᠠᠢ ᠪᠠᠶᠢᠬᠤ ᠡᠰᠡᠬᠦ ᠶᠢ ᠱᠢ ᠲᠠᠢ ᠹᠧᠩ ᠮᠠᠰᠢ ᠠᠩᠬᠠᠷᠴᠤ | ᠪᠠᠶᠢᠯ᠎ᠠ᠃ ᠲᠡᠷᠡ ᠡᠩ ᠲᠡᠷᠢᠭᠦᠨ ᠳᠤ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠤᠷᠢᠳᠴᠢᠯᠠᠨ ᠰᠡᠷᠬᠡᠶᠢᠯᠡᠬᠦ ᠡᠷᠡᠬᠦᠯᠵᠢᠯ ᠤᠨ ᠲᠥᠪ ᠤᠨ ᠲᠤᠰᠠᠭᠠᠷᠯᠠᠬᠤ | ᠴᠡᠭ ᠲᠤ ᠬᠦᠷᠴᠦ᠂ ᠠᠵᠢᠯᠲᠠᠨ ᠤ ᠲᠣᠬᠢᠷᠠᠭᠤᠯᠤᠯᠲᠠ᠂ ᠲᠤᠰᠠᠭᠠᠷᠯᠠᠬᠤ ᠬᠡᠪᠴᠢᠶ᠎ᠡ᠂ ᠣᠷᠣᠨ ᠪᠦᠰᠡ ᠶᠢᠨ ᠲᠣᠬᠢᠷᠠᠭᠤᠯᠤᠯᠲᠠ᠂ ᠬᠠᠮᠢᠶᠠᠷᠤᠯᠲᠠ ᠶᠢᠨ ᠭᠤᠤᠯ ᠴᠣᠭᠴᠠ | ᠪᠣᠯᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠱᠢ ᠲᠠᠢ ᠹᠧᠩ᠂ ᠲᠦᠭᠰᠢᠭᠦᠷᠢᠲᠡᠶ | ᠬᠥᠮᠦᠰ ᠢ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠪᠣᠯ ᠬᠢᠵᠢᠭ ᠤᠨ ᠬᠠᠯᠳᠠᠪᠤᠷᠢᠯᠠᠬᠤ ᠵᠠᠮ ᠢ ᠲᠠᠰᠤᠯᠬᠤ ᠶᠢᠨ ᠵᠠᠩᠭᠢᠯᠠᠭ᠎ᠠ ᠮᠥᠨ᠂ ᠵᠠᠪᠠᠯ ᠡᠯ᠎ᠡ | ᠵᠦᠶᠯ ᠤᠨ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠲᠣᠰ | ᠲᠤᠰᠠᠭᠠᠷᠯᠠᠬᠤ ᠲᠠᠯᠠᠪᠤᠷ ᠢ ᠦᠩᠭᠡᠷᠡᠭᠰᠡᠨ ᠳᠤ ᠪᠠᠰᠠ ᠲᠤᠰᠠᠭᠠᠷᠯᠠᠬᠤ ᠴᠡᠭ ᠪᠤᠯᠭᠠᠵᠤ ᠪᠠᠶᠢᠭᠰᠠᠨ ᠢ ᠣᠶᠢᠯᠠᠭᠠᠵᠤ ᠮᠡᠳᠡᠭᠡᠳ ᠱᠢ ᠲᠠᠢ ᠹᠧᠩ᠂ ᠬᠠᠮᠢᠶᠠᠷᠤᠨ | ᠡᠵᠡᠮᠳᠡᠬᠦ ᠳᠤ ᠣᠷᠣᠯᠴᠠᠭᠰᠠᠨ ᠠᠵᠢᠯᠲᠠᠨ ᠳᠤ ᠠᠪᠴᠤ ᠬᠡᠯᠡᠪᠡᠯ᠂ ᠠᠵᠢᠯ ᠢᠶᠠᠨ ᠬᠡᠳᠦᠶ ᠰᠠᠶᠢᠨ ᠮᠡᠳᠡᠬᠦ ᠲᠤᠲᠤᠮ ᠤᠮᠳᠤᠭᠠᠶᠢᠯᠠᠵᠤ ᠬᠦᠩᠬᠡᠨ ᠬᠠᠭᠤᠳᠠᠮ ᠪᠠᠶᠢᠵᠤ ᠪᠣᠯᠬᠤ | ᠥᠬᠡᠶ᠂ ᠶᠠᠮᠠᠷ ᠨᠢᠭᠡᠨ ᠭᠤᠬᠴᠤᠭ᠎ᠠ ᠳᠤ ᠵᠢᠭᠠᠬᠠᠨ ᠪᠣᠯᠭᠤᠮᠵᠢ ᠥᠬᠡᠶ ᠬᠠᠨᠳᠤᠬᠤ ᠳᠤ ᠬᠦᠷᠪᠡᠯ ᠬᠠᠯᠳᠠᠪᠤᠷᠢᠯᠠᠯ ᠢ ᠪᠤᠢ ᠪᠤᠯᠭᠠᠵᠤ᠂ ᠬᠡᠷᠡᠭ ᠡᠭᠦᠰᠭᠡᠵᠦ ᠮᠡᠳᠡᠨ᠎ᠡ ᠭᠡᠵᠤ | ᠵᠢᠭᠠᠵᠤ ᠭᠠᠷᠭᠠᠵᠠᠢ᠃ ᠪᠤᠭᠤᠲᠤ ᠬᠤᠳᠠ ᠶᠢᠨ ᠴᠢᠩᠭᠡᠯᠢᠭ ᠡᠮᠨᠡᠯᠭᠡ ᠶᠢᠨ ᠬᠤᠷᠢᠶ᠎ᠠ ᠳᠤ ᠰᠢᠨᠵᠢᠯᠡᠨ ᠪᠠᠶᠢᠴᠠᠭᠠᠬᠤ ᠳᠠᠭᠠᠨ᠂ ᠱᠢ ᠲᠠᠢ ᠹᠧᠩ ᠬᠢᠨᠠᠨ ᠡᠵᠡᠮᠳᠡᠬᠦ ᠲᠠᠰᠤᠭ᠂ | ᠡᠪᠡᠳᠴᠢᠲᠡᠨ ᠤ ᠦᠷᠦᠭᠡ ᠶᠢᠨ ᠲᠤᠬᠢᠷᠠᠭᠤᠯᠤᠯᠳᠠ ᠶᠢᠨ ᠪᠠᠶᠢᠳᠠᠯ ᠢ ᠪᠠᠶᠢᠴᠠᠭᠠᠨ ᠦᠵᠡᠬᠦ ᠶᠢᠨ ᠵᠡᠷᠭᠡ ᠪᠠᠷ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠡᠮᠴᠢ ᠰᠤᠪᠢᠯᠠᠭᠴᠢ ᠶᠢᠨ ᠲᠤᠬᠢᠷᠠᠭᠤᠯᠤᠯᠳᠠ ᠬᠦᠷᠦᠯᠴᠡᠬᠦ ᠡᠰᠡᠬᠦ᠂ ᠡᠮᠨᠡᠯᠭᠡ ᠶᠢᠨ ᠬᠤᠷᠢᠶ᠎ᠠ ᠨᠢ ᠪᠤᠰᠤᠳ ᠣᠷᠣᠨ ᠪᠦᠰᠡ ᠲᠠᠢ ᠰᠣᠯᠪᠢᠴᠠᠯ ᠡᠬᠦᠰᠴᠤ ᠪᠠᠶᠢᠬᠤ ᠡᠰᠡᠬᠦ᠂ | ᠲᠤᠨᠤᠭ ᠲᠥᠬᠦᠭᠡᠷᠦᠮᠵᠢ ᠶᠢᠨ ᠲᠤᠬᠢᠷᠠᠭᠤᠯᠤᠯᠳᠠ ᠶᠢ ᠭᠦᠢᠴᠡᠳ ᠪᠤᠯᠭᠠᠭᠰᠠᠨ ᠡᠰᠡᠬᠦ᠂ ᠡᠩ ᠤᠨ ᠦᠶ᠎ᠡ ᠳᠤ ᠬᠡᠨ ᠬᠠᠮᠢᠶᠠᠷᠴᠤ ᠪᠠᠶᠢᠬᠤ ᠵᠡᠷᠬᠡ ᠭᠤᠭᠴᠤᠭ᠎ᠠ ᠪᠦᠷᠢ ᠶᠢ | ᠲᠡᠷᠡ ᠴᠥᠮ ᠮᠠᠰᠢ ᠨᠠᠷᠢᠯᠢᠭ ᠠᠰᠠᠭᠤᠵᠤ ᠪᠠᠶᠢᠯ᠎ᠠ᠃ ᠲᠡᠷᠡ᠂ ᠴᠢᠩᠭᠡᠯᠢᠭ ᠡᠮᠨᠡᠯᠭᠡ ᠶᠢᠨ ᠬᠤᠷᠢᠶ᠎ᠠ ᠪᠣᠯ ᠬᠢᠵᠢᠭ ᠤᠨ ᠪᠠᠶᠢᠳᠠᠯ ᠢ ᠪᠦᠲᠦᠮᠵᠢᠲᠡᠢ ᠰᠢᠢᠳᠪᠦᠷᠢᠯᠡᠬᠦ | ᠴᠢᠬᠤᠯᠠ ᠰᠠᠭᠤᠷᠢ ᠪᠠᠲᠤᠯᠠᠭ᠎ᠠ ᠮᠥᠨ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠢ ᠰᠠᠶᠢᠲᠤᠷ ᠬᠢᠵᠦ᠂ ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤᠨᠢ ᠥᠨᠳᠥᠷ | ᠪᠦᠲᠦᠮᠵᠢᠲᠡᠢ ᠪᠠᠷ ᠠᠵᠢᠯ ᠢᠶᠠᠨ ᠥᠷᠨᠢᠭᠦᠯᠬᠦ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃ | | | | | | | | ᠯᠦᠩ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ B ᠲᠣᠭᠤᠷᠢᠭ ᠲᠤ ᠨᠢᠭᠡᠨᠲᠡ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ ᠶᠢ ᠢᠯᠡᠷᠡᠭᠦᠯᠪᠠ᠂ ᠱᠢ | ᠲᠠᠢ ᠹᠧᠩ ᠲᠤᠰ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠪᠠ᠃ ᠰᠠᠭᠤᠭᠠᠯᠢ ᠠᠷᠠᠳ ᠤᠨ ᠲᠣᠭᠤᠷᠢᠭ ᠤᠨ | ᠡᠭᠦᠳᠡᠨ ᠳᠤ ᠬᠦᠷᠦᠮᠡᠭᠴᠡ᠂ ᠲᠡᠷᠡ ᠠᠵᠢᠯᠲᠠᠳ ᠠᠴᠠ ᠬᠥᠮᠦᠰ ᠢ ᠲᠤᠰᠠᠭᠠᠷᠯᠠᠵᠤ ᠪᠠᠶᠢᠬᠤ᠂ ᠰᠠᠭᠤᠭᠠᠯᠢ ᠠᠷᠠᠳ ᠤᠨ ᠲᠣᠭᠤᠷᠢᠭ ᠢ ᠬᠠᠮᠢᠶᠠᠷᠤᠨ ᠡᠵᠡᠮᠳᠡᠵᠤ ᠪᠠᠶᠢᠬᠤ᠂ | ᠠᠮᠢᠳᠤᠷᠠᠯ ᠢ ᠪᠠᠲᠤᠯᠠᠵᠤ ᠪᠠᠶᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠠᠮᠢᠶᠠᠷᠴᠤ ᠡᠵᠡᠮᠳᠡᠬᠦ ᠳᠡᠭᠡᠨ ᠴᠢᠩᠭ᠎ᠠ ᠬᠠᠮᠢᠶᠠᠷᠴᠤ ᠬᠠᠮᠢᠶᠠᠷᠴᠤ ᠲᠡᠶᠢᠯᠬᠦ | ᠬᠡᠷᠡᠭᠲᠡᠢ᠂ ᠭᠡᠪᠡᠴᠦ ᠬᠠᠯᠠᠭᠤᠮᠰᠤᠭ ᠦᠢᠯᠡᠴᠢᠯᠡᠭᠡ ᠶᠢ ᠳᠤᠲᠠᠭᠳᠠᠭᠤᠯᠵᠤ ᠪᠣᠯᠬᠤ ᠦᠭᠡᠢ᠃ ᠡᠯ᠎ᠡ ᠱᠠᠲᠤᠨ ᠤ ᠺᠠᠳ᠋ᠷᠴᠤᠳ ᠰᠡᠳᠭᠢᠯ ᠰᠡᠳᠭᠢᠯ ᠢᠶᠠᠨ ᠤᠯᠤᠯᠴᠠᠨ᠂ | ᠪᠤᠰᠤᠳ ᠤᠨ ᠡᠮᠤᠨ᠎ᠡ ᠠᠴᠠ ᠪᠤᠳᠤᠯᠬᠢᠯᠠᠨ᠂ ᠡᠯ᠎ᠡ ᠲᠠᠯ᠎ᠠ ᠶᠢᠨ ᠪᠠᠶᠢᠳᠠᠯ ᠢ ᠨᠠᠷᠢᠨ ᠨᠢᠭᠲᠠ ᠪᠣᠳᠣᠯᠬᠢᠯᠠᠵᠤ᠂ ᠡᠳ᠋ ᠪᠣᠳᠠᠰ ᠤᠨ ᠲᠤᠬᠢᠷᠠᠭᠤᠯᠤᠯᠳᠠ ᠬᠠᠩᠭᠠᠯᠭ᠎ᠠ ᠶᠢ | ᠴᠢᠩᠭᠠᠳᠬᠠᠨ᠂ ᠤᠯᠠᠨ ᠲᠦᠮᠡᠨ ᠳᠤ ᠦᠵᠡᠯ ᠰᠠᠨᠠᠭᠠᠨ ᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠠᠮᠢᠳᠤᠷᠠᠯ ᠤᠨ ᠬᠡᠷᠡᠭᠴᠡᠭᠡ ᠶᠢ ᠴᠠᠭ ᠲᠤᠬᠠᠢ ᠳᠤᠨᠢ | ᠪᠠᠲᠤᠯᠠᠬᠤ ᠬᠡᠷᠡᠭᠲᠡᠢ᠃ ᠣᠨᠴᠠᠭᠠᠶᠢᠯᠠᠨ ᠣᠨᠴᠠᠭᠠᠶ ᠬᠥᠮᠦᠰ ᠢ ᠳᠡᠭᠡᠳᠦ ᠬᠡᠮᠵᠢᠶ᠎ᠡ ᠪᠠᠷ ᠠᠩᠬᠠᠷᠴᠤ᠂ ᠦᠨᠳᠦᠰᠦᠨ ᠪᠠᠶᠢᠳᠠᠯ ᠢ ᠲᠣᠳᠣᠷᠬᠠᠶ ᠣᠶᠢᠯᠠᠭᠠᠵᠤ᠂ ᠠᠵᠢᠯ ᠢᠶᠠᠨ | ᠨᠠᠷᠢᠯᠢᠭ ᠬᠢᠵᠦ᠂ ᠲᠡᠳᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠰᠠᠶᠢᠲᠤᠷ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ | ᠃ ᠱᠢ ᠲᠠᠢ ᠹᠧᠩ ᠪᠠᠰᠠ ᠳ᠋ᠧ ᠵᠢᠩ ᠶᠤᠸᠠᠨ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠪᠥᠭᠡᠮ ᠬᠦᠴᠢᠯ ᠤᠨ ᠦᠯᠢᠭᠡᠷ ᠠᠪᠬᠤ ᠴᠡᠭ ᠤᠨ ᠨᠥᠬᠦᠳ ᠲᠠᠢ | ᠭᠦᠨᠵᠡᠭᠡᠢ ᠶᠠᠷᠢᠯᠴᠠᠵᠤ᠂ ᠦᠯᠢᠭᠡᠷ ᠠᠪᠬᠤ ᠠᠬᠢᠴᠠ᠂ ᠦᠯᠢᠭᠡᠷ ᠠᠪᠬᠤ ᠴᠢᠳᠠᠪᠤᠷᠢ ᠵᠢᠴᠢ ᠪᠠᠶᠢᠴᠠᠭᠠᠬᠤ ᠶᠤᠰᠤᠳᠠᠢ ᠶᠢ ᠨᠢ ᠪᠦᠬᠦᠨ ᠢ ᠪᠠᠶᠢᠴᠠᠭᠠᠵᠤ ᠪᠠᠶᠢᠬᠤ ᠵᠡᠷᠭᠡ | ᠪᠠᠶᠢᠳᠠᠯ ᠢ ᠨᠠᠷᠢᠨ ᠣᠶᠢᠯᠠᠭᠠᠪᠠ᠃ ᠱᠢ ᠲᠠᠢ ᠹᠧᠩ᠂ ᠨᠡᠶᠢᠭᠡᠮ ᠲᠣᠭᠤᠷᠢᠭ ᠨᠢᠭᠡ ᠪᠦᠷᠢ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢ ᠡᠮᠬᠢ ᠵᠢᠷᠤᠮ ᠲᠠᠢ ᠰᠠᠶᠢᠲᠤᠷ | ᠵᠣᠬᠢᠶᠠᠨ ᠪᠠᠶᠢᠭᠤᠯᠵᠤ᠂ ᠬᠥᠮᠦᠨ ᠨᠢᠭᠡ ᠪᠦᠷᠢ ᠶᠢᠨ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠡᠵᠡᠮᠰᠢᠵᠦ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ | ᠪᠠᠶᠢᠴᠠᠭᠠᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠡᠷᠬᠡᠪᠰᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠦᠷᠦᠭᠰᠡᠨ ᠭᠠᠵᠠᠷ ᠪᠣᠯᠭᠠᠨ ᠳᠤ᠂ ᠱᠢ ᠲᠠᠢ ᠹᠧᠩ ᠡᠮᠦᠨ᠎ᠡ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠳ ᠢ ᠲᠣᠬᠤᠨᠢᠭᠤᠯᠵᠤ ᠪᠠᠶᠢᠬᠤ ᠪᠠᠨ ᠢᠯᠡᠳᠭᠡᠵᠦ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ ᠲᠡᠷᠡ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠪᠣᠯ ᠪᠢᠳᠡᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠬᠦᠴᠦᠲᠡᠢ ᠪᠠᠲᠤᠯᠠᠭ᠎ᠠ ᠮᠥᠨ᠂ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠪᠣᠯᠤᠨ ᠺᠠᠳ᠋ᠷ ᠬᠠᠷᠢᠭᠤᠴᠠᠯᠭ᠎ᠠ ᠶᠢ ᠱᠠᠳᠤ ᠱᠠᠳᠤ ᠪᠠᠷ ᠡᠭᠦᠷᠭᠡᠯᠡᠳᠡᠭ ᠯᠡ ᠶᠤᠮ ᠪᠣᠯ᠂ ᠪᠢᠳᠡᠨ ᠳᠤ ᠢᠯᠠᠵᠤ ᠳᠡᠶᠢᠯᠬᠦ ᠦᠬᠡᠢ ᠬᠦᠴᠢᠷᠳᠡᠯ ᠭᠡᠵᠦ | ᠪᠠᠶᠢᠬᠤ ᠦᠬᠡᠢ ᠶᠤᠮ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠨᠠᠮ ᠤᠨ ᠰᠦᠯᠳᠡ ᠪᠠᠨ ᠦᠵᠡᠭᠦᠯᠵᠦ᠂ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠵᠤ᠂ ᠡᠮᠦᠨ᠎ᠡ | ᠹᠷᠣᠨᠲ ᠲᠤ ᠭᠦᠨᠵᠡᠭᠡᠶᠢᠷᠡᠨ᠂ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ᠂ ᠲᠦᠷᠭᠡᠨ | ᠪᠥᠭᠡᠳ ᠥᠨᠳᠥᠷ ᠪᠦᠲᠦᠮᠵᠢᠲᠡᠶ ᠪᠠᠷ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃ | | | | | ᠳᠠᠷᠠᠭ᠎ᠠ ᠨᠢ ᠱᠢ ᠲᠠᠢ ᠹᠧᠩ ᠪᠤᠭᠤᠲᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠬᠤᠷᠠᠯ ᠡᠷᠭᠢᠯᠡᠨ | ᠬᠤᠷᠠᠯᠳᠤᠭᠤᠯᠵᠤ᠂ ᠪᠤᠭᠤᠲᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠰᠡᠷᠭᠡᠶᠢᠯᠡᠨ ᠡᠵᠡᠮᠳᠡᠬᠦ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃ ᠲᠡᠷᠡ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠᠶᠢᠳᠠᠯ ᠲᠡᠶᠢᠮᠦ ᠰᠠᠶᠢᠨ ᠪᠢᠰᠢ᠂ ᠮᠠᠰᠢ ᠤᠯᠠᠨ ᠲᠣᠭᠲᠠᠪᠤᠷᠢ ᠦᠭᠡᠢ ᠴᠢᠨᠠᠷ ᠣᠷᠣᠰᠢᠵᠤ ᠪᠠᠶᠢᠨ᠎ᠠ᠃ ᠪᠦᠬᠦ ᠬᠤᠳᠠ ᠶᠢᠨ ᠲᠡᠭᠡᠳᠤ ᠲᠤᠤᠷᠠᠳᠤ | ᠱᠠᠳᠤ ᠪᠠᠷ ᠢᠶᠠᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠠᠲᠠᠭᠤ ᠳᠠᠶᠢᠯᠠᠯᠳᠤᠭᠠᠨ ᠬᠢᠬᠦ ᠪᠡᠯᠡᠳᠭᠡᠯ ᠢ ᠰᠠᠶᠢᠲᠤᠷ ᠬᠢᠵᠦ᠂ ᠥᠴᠦᠬᠡᠨ ᠴᠦ | ᠤᠮᠳᠤᠭᠠᠶᠢᠯᠠᠵᠤ ᠬᠦᠩᠬᠡᠨ ᠬᠠᠭᠤᠳᠠᠮ ᠢᠶᠠᠷ ᠬᠠᠨᠳᠤᠵᠤ ᠪᠣᠯᠬᠤ ᠦᠭᠡᠢ᠂ ᠶᠠᠮᠠᠷᠪᠠ ᠭᠤᠷᠢᠳᠠᠬᠤ ᠪᠤᠳᠤᠯ ᠲᠠᠢ ᠪᠠᠶᠢᠵᠤ ᠪᠣᠯᠬᠤ ᠦᠭᠡᠢ᠂ ᠡᠷᠬᠡᠪᠰᠢ ᠲᠦᠷᠭᠡᠨ ᠠᠴᠠ | ᠲᠦᠷᠭᠡᠨ ᠪᠠᠶᠢᠬᠤ ᠶᠢ ᠪᠠᠷᠢᠮᠲᠠᠯᠠᠵᠤ᠂ ᠲᠦᠷᠭᠡᠨ ᠬᠦᠳᠡᠯᠦᠯᠴᠡᠬᠦ ᠪᠠᠷ ᠲᠦᠷᠬᠡᠨ ᠲᠠᠷᠬᠠᠵᠦ ᠲᠡᠯᠭᠡᠷᠡᠬᠦ ᠶᠢ ᠬᠤᠷᠢᠭᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠨᠢᠭᠡ ᠮᠥᠴᠡ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠡᠷᠡ᠂ ᠲᠠᠬᠤᠯ ᠡᠪᠡᠳᠴᠢᠨ ᠤ ᠪᠠᠶᠢᠴᠠᠭᠠᠯᠲᠠ ᠬᠢᠵᠦ | ᠡᠬᠢ ᠰᠤᠷᠪᠤᠯᠵᠢ ᠶᠢ ᠮᠦᠷᠳᠡᠬᠦ ᠠᠵᠢᠯ ᠳᠤ ᠬᠦᠷᠦᠯᠴᠡᠬᠦᠶᠢᠴᠡ ᠬᠦᠴᠦᠨ ᠢ ᠵᠣᠬᠢᠶᠠᠨ ᠪᠠᠶᠢᠭᠤᠯᠤᠨ ᠣᠷᠣᠯᠴᠠᠭᠤᠯᠵᠤ᠂ ᠲᠦᠭᠰᠢᠭᠦᠷᠢ ᠲᠠᠢ ᠬᠥᠮᠦᠰ ᠤᠨ ᠬᠡᠪᠴᠢᠶ᠎ᠡ ᠶᠢ | ᠣᠨᠣᠪᠴᠢᠲᠠᠶ ᠮᠠᠭᠠᠳᠯᠠᠵᠤ᠂ ᠬᠠᠮᠵᠢᠯᠴᠠᠨ ᠪᠠᠶᠢᠯᠳᠤᠬᠤ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ | ᠲᠦᠭᠰᠢᠭᠦᠷᠢ ᠲᠠᠢ ᠬᠥᠮᠦᠰ ᠢ ᠡᠷᠢᠨ ᠣᠯᠵᠤ᠂ ᠬᠠᠯᠳᠠᠪᠤᠷᠢᠯᠠᠯ ᠤᠨ ᠬᠡᠯᠬᠢᠶ᠎ᠡ ᠶᠢ ᠲᠣᠳᠣᠷᠬᠠᠶ ᠣᠶᠢᠯᠠᠭᠠᠬᠤ ᠪᠠᠷ ᠴᠢᠷᠮᠠᠶᠢᠬᠤ ᠬᠡᠷᠡᠭᠲᠡᠶ᠃ ᠲᠤᠶᠢᠯ ᠤᠨ ᠨᠠᠷᠢᠨ ᠬᠢᠨᠠᠮᠠᠭᠠᠶ᠂ | ᠲᠤᠶᠢᠯ ᠤᠨ ᠬᠠᠷᠢᠭᠤᠴᠠᠯᠭ᠎ᠠ ᠲᠠᠢ ᠣᠪᠣᠷ ᠢᠶᠠᠷ ᠪᠥᠭᠡᠮ ᠬᠦᠴᠢᠯ ᠤᠨ ᠪᠠᠶᠢᠴᠠᠭᠠᠯᠲᠠ ᠶᠢᠨ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠰᠠᠶᠢᠳᠤᠷ ᠥᠷᠨᠢᠭᠦᠯᠵᠦ᠂ | ᠤᠳᠤᠷᠢᠳᠬᠤ ᠺᠠᠳ᠋ᠷᠴᠤᠳ ᠢ ᠰᠠᠭᠤᠭᠠᠯᠢ ᠠᠷᠠᠳ ᠤᠨ ᠲᠣᠭᠤᠷᠢᠭ ᠨᠢᠭᠡᠪᠦᠷᠢ᠂ ᠥᠯᠢᠭᠡᠷ ᠠᠪᠬᠤ ᠴᠡᠭ ᠨᠢᠭᠡᠪᠦᠷᠢ ᠳᠤ ᠲᠣᠮᠢᠯᠠᠵᠤ᠂ ᠪᠥᠭᠡᠮ ᠬᠦᠴᠢᠯ ᠤᠨ | ᠪᠠᠶᠢᠴᠠᠭᠠᠯᠲᠠ ᠶᠢᠨ ᠨᠠᠷᠢᠨ ᠵᠦᠶᠯᠡᠰ ᠢ ᠴᠢᠩᠭ᠎ᠠ ᠠᠩᠬᠠᠷᠴᠤ᠂ ᠵᠣᠬᠢᠶᠠᠨ ᠪᠠᠶᠢᠭᠤᠯᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠠᠰᠠᠭᠤᠳᠠᠯ ᠢ ᠴᠠᠭ ᠲᠤᠬᠠᠶ ᠳᠤᠨᠢ | ᠵᠣᠬᠢᠴᠠᠭᠤᠯᠤᠨ ᠰᠢᠶᠳᠪᠦᠷᠢᠯᠡᠵᠦ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠪᠦᠲᠦᠮᠵᠢ ᠪᠠ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ᠃ | ᠲᠤᠰᠠᠭᠠᠷᠯᠠᠬᠤ ᠴᠢᠬᠤᠯᠠᠲᠠᠢ ᠶᠢ ᠨᠢ ᠪᠦᠬᠦᠨ ᠢ ᠲᠤᠰᠠᠭᠠᠷᠯᠠᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠤᠰᠠᠭᠠᠷᠯᠠᠬᠤ ᠲᠠᠯᠠᠪᠤᠷ ᠤᠨ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠬᠡᠮ ᠰᠣᠭᠤᠭ ᠢ ᠦᠨᠡᠨ ᠬᠦ ᠠᠷᠢᠯᠭᠠᠵᠤ᠂ ᠰᠣᠯᠪᠢᠴᠠᠨ ᠬᠠᠯᠳᠠᠪᠤᠷᠢᠯᠠᠬᠤ ᠶᠢ ᠰᠡᠷᠭᠡᠶᠢᠯᠡᠬᠦ ᠬᠡᠷᠡᠭᠲᠡᠢ᠃ | ᠨᠡᠶᠢᠭᠡᠮ ᠲᠣᠭᠤᠷᠢᠭ ᠤᠨ ᠰᠡᠷᠭᠡᠶᠢᠯᠡᠨ ᠡᠵᠡᠮᠳᠡᠬᠦ ᠶᠢ ᠴᠢᠬᠤᠯᠠ ᠪᠠᠶᠢᠷᠢᠨ ᠳᠤ ᠲᠠᠯᠪᠢᠵᠤ᠂ ᠲᠦᠭᠰᠢᠭᠦᠷᠢ ᠲᠠᠢ ᠬᠥᠮᠦᠰ ᠢ ᠲᠡᠷᠡ ᠳᠠᠷᠤᠢ ᠳᠤᠨᠢ ᠬᠠᠮᠢᠶᠠᠷᠤᠨ ᠡᠵᠡᠮᠳᠡᠬᠦ | ᠬᠡᠪᠴᠢᠶᠡᠨ ᠳᠤ ᠬᠢᠵᠠᠭᠠᠷᠯᠠᠵᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠨᠡᠶᠢᠭᠡᠮ ᠤᠨ | ᠲᠠᠯ᠎ᠠ ᠶᠢᠨ ᠬᠠᠮᠢᠶᠠᠷᠤᠨ ᠡᠵᠡᠮᠳᠡᠬᠦ ᠶᠢ ᠦᠨᠡᠨ ᠬᠦ ᠴᠢᠩᠭᠠᠳᠬᠠᠵᠤ᠂ ᠪᠠᠭᠤᠷᠠᠶ ᠬᠡᠰᠡᠭ ᠤᠨ ᠬᠠᠮᠢᠶᠠᠷᠤᠯᠲᠠ ᠡᠵᠡᠮᠳᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠶᠠᠭᠠᠬᠢᠭᠰᠠᠨ ᠴᠤ ᠬᠠᠮᠢᠶᠠᠷᠤᠯᠳᠠ ᠡᠵᠡᠮᠳᠡᠯ ᠤᠨ ᠬᠤᠭᠤᠰᠤᠨ ᠣᠷᠣᠨ ᠪᠠ ᠲᠠᠰᠤᠷᠬᠠᠶ ᠴᠡᠭ ᠢ ᠭᠠᠷᠭᠠᠵᠤ ᠪᠣᠯᠬᠤ ᠥᠬᠡᠶ᠃ ᠪᠢᠲᠡᠭᠦᠮᠵᠢᠯᠡᠨ ᠡᠵᠡᠮᠳᠡᠬᠦ ᠣᠷᠣᠨ ᠪᠣᠯᠤᠨ | ᠬᠠᠮᠢᠶᠠᠷᠤᠨ ᠡᠵᠡᠮᠳᠡᠬᠦ ᠣᠷᠣᠨ ᠤ ᠡᠳ᠋ ᠪᠣᠳᠠᠰ ᠤᠨ ᠬᠠᠩᠭᠠᠯᠭ᠎ᠠ ᠶᠢ ᠲᠤᠬᠢᠷᠠᠭᠤᠯᠬᠤ ᠠᠵᠢᠯ ᠢ ᠰᠠᠶᠢᠲᠤᠷ ᠬᠢᠵᠦ᠂ ᠡᠪᠡᠳᠴᠢᠲᠡᠨ ᠢ ᠠᠪᠤᠷᠠᠨ ᠡᠮᠨᠡᠬᠦ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠡᠯ᠎ᠡ ᠲᠦᠷᠦᠯ ᠤᠨ ᠲᠠᠯᠠᠪᠤᠷ ᠭᠠᠵᠠᠷ ᠪᠣᠯᠤᠨ ᠡᠳ᠋ ᠪᠣᠳᠠᠰ ᠤᠨ ᠨᠥᠭᠡᠴᠡᠯᠡᠬᠦ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠬᠦᠨᠳᠦ ᠨᠣᠴᠢᠲᠠᠢ ᠬᠢᠵᠢᠭ ᠤᠨ ᠪᠠᠶᠢᠳᠠᠯ ᠢ ᠠᠷᠭᠠᠴᠠᠭᠠᠬᠤ ᠭᠦᠢᠴᠡᠳ ᠪᠡᠯᠡᠳᠭᠡᠯ ᠢ ᠰᠠᠶᠢᠲᠤᠷ ᠬᠢᠵᠦ᠂ ᠪᠡᠯᠡᠳᠭᠡᠯ | ᠬᠢᠴᠢᠬᠡᠬᠡᠳ ᠬᠡᠷᠡᠭᠯᠡᠬᠦ ᠦᠭᠡᠢ ᠪᠠᠶᠢᠵᠤ ᠪᠤᠯᠬᠤ ᠠᠴᠠ ᠪᠢᠰᠢ ᠬᠡᠷᠡᠭᠯᠡᠬᠦ ᠦᠶ᠎ᠡ ᠳᠤ ᠪᠡᠯᠡᠳᠭᠡᠯ ᠦᠭᠡᠢ ᠪᠠᠶᠢᠵᠤ ᠪᠣᠯᠬᠤ ᠦᠭᠡᠢ᠃ ᠤᠬᠠᠭᠤᠯᠵᠤ ᠬᠥᠲᠥᠯᠥᠨ | ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠶᠢ ᠴᠢᠩᠭᠠᠳᠬᠠᠵᠤ᠂ | ᠲᠣᠰ ᠪᠡᠶ᠎ᠡ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠰᠠᠶᠢᠲᠤᠷ ᠬᠢᠵᠦ᠂ ᠬᠠᠮᠵᠢᠯᠴᠠᠵᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ | ᠴᠢᠬᠤᠯᠠᠴᠢᠯᠠᠪᠠ᠃ | ᠱᠢ ᠲᠠᠢ ᠹᠧᠩ᠂ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠠᠶᠢᠬᠤ ᠶᠢ ᠪᠠᠷᠢᠮᠲᠠᠯᠠᠵᠤ᠂ ᠱᠠᠳᠤ ᠬᠤᠪᠢᠶᠠᠨ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ | ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠᠯᠳᠤᠭᠠᠨ ᠤ ᠲᠠᠯᠠᠪᠠᠢ ᠬᠠᠮ | ᠳᠡᠯᠭᠡᠭᠦᠷ᠂ ᠵᠠᠮ ᠬᠠᠷᠢᠯᠴᠠᠭᠠᠨ ᠤ ᠲᠠᠯᠠᠪᠤᠷ ᠦᠷᠳᠡᠭᠡ᠂ ᠦᠢᠯᠡᠳᠪᠦᠷᠢ ᠶᠢᠨ ᠲᠠᠰᠤᠭ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠠᠵᠢᠯ ᠢ | ᠪᠠᠶᠢᠩᠭᠤᠵᠢᠭᠤᠯᠤᠨ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠱᠠᠯᠠᠪᠳᠠᠭᠤᠯᠤᠨ ᠱᠠᠭᠠᠷᠳᠠᠵᠤ ᠪᠡᠶ᠎ᠡ ᠶᠢᠨ ᠲᠤᠯᠠᠭᠠᠨ ᠢ ᠬᠡᠮᠵᠢᠬᠦ᠂ ᠺᠣᠳ᠋ ᠢ | ᠪᠠᠶᠢᠴᠠᠭᠠᠬᠤ᠂ ᠠᠮᠠᠪᠴᠢ ᠵᠡᠭᠦᠬᠦ᠂ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠰᠢ ᠶᠠᠰᠢ ᠠᠷᠭᠠᠴᠠᠭᠠᠬᠰᠠᠨ | ᠪᠠᠶᠢᠪᠠᠯ ᠡᠷᠬᠡᠪᠰᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠢ | ᠴᠢᠩᠭ᠎ᠠ ᠠᠩᠬᠠᠷᠴᠤ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠣᠶᠢᠯᠠᠭᠠᠵᠤ᠂ ᠴᠢᠩᠭ᠎ᠠ ᠬᠠᠮᠢᠶᠠᠷᠤᠯᠲᠠ | ᠡᠵᠡᠮᠳᠡᠯ ᠪᠣᠯᠤᠨ ᠬᠠᠯᠠᠭᠤᠮᠰᠤᠭ ᠦᠢᠯᠡᠴᠢᠯᠡᠭᠡ ᠶᠢ ᠤᠶᠠᠯᠳᠤᠭᠤᠯᠵᠤ᠂ ᠬᠠᠮᠢᠶᠠᠷᠤᠯᠲᠠ ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠵᠤ᠂ ᠠᠶᠤᠯ ᠲᠦᠭᠰᠢᠭᠦᠷᠢ ᠭᠡᠮ | ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠪᠠᠷᠠᠭᠠᠨ ᠤ ᠭᠦᠢᠯᠭᠡᠭᠡ ᠶᠢᠨ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯᠯᠠᠭ᠎ᠠ ᠶᠢᠨ ᠲᠠᠰᠤᠯᠳᠠᠬᠤ ᠦᠭᠡᠢ ᠶᠠᠪᠤᠭᠳᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ᠃ | ᠪᠤᠭᠤᠲᠤ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ ᠲᠦᠷᠦ ᠶᠢᠨ ᠬᠠᠷᠢᠭᠤᠴᠠᠯᠭ᠎ᠠ᠂ | ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ | ᠠᠯᠬᠤᠮ ᠨᠢᠭᠡᠲᠡᠢ ᠪᠠᠷ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠰᠢᠰᠲ᠋ᠧᠮ ᠢ ᠴᠤᠮᠬᠠᠳᠬᠠᠨ | ᠰᠢᠯᠢᠳᠡᠭᠵᠢᠬᠦᠯᠵᠤ᠂ ᠥᠨᠳᠥᠷ ᠪᠦᠲᠦᠮᠵᠢᠲᠡᠢ ᠪᠠᠷ ᠠᠵᠢᠯᠯᠠᠭᠤᠯᠵᠤ᠂ ᠡᠯ᠎ᠡ ᠵᠦᠢᠯ ᠤᠨ ᠵᠠᠷᠯᠢᠭ ᠢ ᠦᠨᠳᠦᠰᠦᠨ ᠱᠠᠲᠤ ᠪᠠ ᠡᠮᠦᠨ᠎ᠡ ᠹᠷᠣᠨᠲ ᠲᠤ ᠪᠠᠷᠢᠨ ᠲᠦᠷᠭᠡᠨ | ᠤᠯᠠᠮᠵᠢᠯᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠪᠦᠬᠦ ᠬᠦᠴᠦ ᠪᠠᠷ ᠢᠶᠠᠨ ᠰᠢᠢᠳᠪᠦᠷᠢᠯᠡᠬᠦ ᠬᠡᠷᠡᠭᠲᠡᠢ᠃ | ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠵᠡᠷᠭᠡ ᠪᠠᠷ ᠴᠢᠩᠭᠠᠷᠠᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠰᠡᠷᠭᠡᠶᠢᠯᠡᠨ ᠡᠵᠡᠮᠳᠡᠬᠦ ᠲᠡᠭᠦᠰᠭᠡᠯ ᠤᠨ ᠴᠡᠭ ᠲᠤ ᠨᠠᠷᠢᠯᠢᠭ ᠣᠨᠣᠪᠴᠢᠲᠠᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠢᠯ ᠳᠠᠭᠠᠨ ᠴᠢᠩᠭ᠎ᠠ ᠪᠣᠳᠠᠲᠠᠢ | ᠪᠢᠰᠢ᠂ ᠰᠡᠷᠭᠡᠶᠢᠯᠡᠨ ᠡᠵᠡᠮᠳᠡᠵᠦ ᠠᠷᠭᠠᠴᠠᠭᠠᠬᠤ ᠲᠠᠯ᠎ᠠ ᠪᠠᠷ ᠬᠦᠷᠦᠯᠴᠡᠬᠦ ᠦᠬᠡᠢ ᠴᠢᠨᠠᠭᠰᠢᠯᠠᠪᠠᠯ ᠬᠦᠨᠳᠦ ᠨᠣᠴᠢᠲᠠᠢ ᠮᠠᠭᠤ ᠦᠷ᠎ᠡ ᠳ᠋ᠦᠩ ᠭᠠᠷᠭᠠᠭᠰᠠᠨ ᠪᠠᠶᠢᠪᠠᠯ | ᠡᠷᠬᠡᠪᠰᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ᠂ ᠾᠧᠩ ᠰᠢᠶᠤᠤ ᠹᠠᠨ ᠠᠵᠢᠯᠯᠠᠭ᠎ᠠ ᠳᠤ ᠣᠷᠣᠯᠴᠠᠵᠠᠢ᠃ |