ᠸᠠᠩ ᠯᠢ ᠰᠢᠶᠠ ᠬᠥᠬᠡᠬᠤᠲᠠ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/4/27
      4 ᠰᠠᠷ᠎ᠠ ᠶᠢᠨ 26 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠳᠤ ᠪᠠᠶᠢᠴᠠᠭᠠᠨ ᠰᠤᠳᠤᠯᠤᠯᠲᠠ ᠬᠢᠪᠡ᠃
0427王莉霞在呼和浩特抽水蓄能电站调研.jpg
0427王莉霞在呼和浩特抽水蓄能电站调研2.jpg
0427王莉霞在呼和浩特抽水蓄能电站调研3.jpg
 
0427王莉霞在呼和浩特抽水蓄能电站调研4.jpg
      ᠬᠥᠬᠡᠬᠤᠲᠠ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠨᠢ ᠬᠥᠬᠡᠬᠤᠲᠠ ᠶᠢᠨ ᠵᠡᠭᠦᠨ ᠬᠤᠶᠢᠲᠤ ᠬᠡᠰᠡᠭ ᠤᠨ ᠳᠠᠯᠠᠨ ᠬᠠᠷ᠎ᠠ ᠠᠭᠤᠯᠠ ᠶᠢᠨ ᠣᠷᠣᠨ ᠪᠦᠰᠡ ᠳᠤ ᠪᠠᠶᠢᠷᠢᠯᠠᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠤᠤᠷ ᠤᠨ ᠣᠳᠣᠬᠠᠨ ᠤ ᠠᠵᠢᠯᠯᠠᠭᠤᠯᠵᠤ ᠪᠠᠶᠢᠭ᠎ᠠ ᠨᠢᠬᠡᠳᠦᠬᠡᠷ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠠᠶᠢᠵᠤ᠂ ᠴᠠᠬᠢᠯᠭᠠᠨ ᠲᠤᠤᠷ ᠤᠨ ᠲᠠᠭᠠᠭᠠᠴᠠ ᠶᠢ ᠲᠡᠩᠴᠡᠬᠦᠷᠢᠳᠡᠢ ᠪᠠᠶᠢᠯᠭᠠᠬᠤ᠂ ᠰᠢᠨ᠎ᠡ ᠡᠨᠧᠷᠭᠢ ᠶᠢ ᠪᠠᠭᠲᠠᠭᠠᠵᠤ ᠰᠢᠩᠭᠡᠭᠡᠬᠦ ᠶᠢ ᠠᠬᠢᠭᠤᠯᠤᠨ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠤᠤᠷ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠬᠤ ᠳᠤ ᠴᠢᠬᠤᠯᠠ ᠦᠢᠯᠡᠳᠦᠯ ᠦᠵᠡᠭᠦᠯᠵᠦ ᠪᠤᠢ᠃ ᠸᠠᠩ ᠯᠢ ᠰᠢᠶᠠ ᠦᠶᠯᠡᠳᠪᠦᠷᠢ ᠶᠢᠨ ᠲᠣᠭᠤᠷᠢᠭ ᠲᠤ ᠭᠦᠨᠵᠡᠭᠡᠶᠢᠷᠡᠵᠦ ᠶᠠᠪᠤᠬᠤ ᠶᠢᠨ ᠳᠠᠭᠠᠤ ᠦᠵᠡᠵᠦ᠂ ᠠᠶᠤᠯᠭᠦᠶ ᠦᠶᠯᠡᠳᠪᠦᠷᠢᠯᠡᠯ᠂ ᠲᠥᠷᠥᠯ ᠵᠦᠶᠯ ᠤᠨ ᠠᠬᠢᠴᠠ ᠵᠡᠷᠭᠡ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠬᠤ ᠶᠢᠨ ᠬᠠᠮᠲᠤ ᠨᠢᠭᠡᠳᠦᠭᠡᠷ ᠬᠤᠭᠤᠴᠠᠭᠠᠨ ᠤ ᠲᠥᠷᠥᠯ ᠵᠦᠶᠯ ᠤᠨ ᠤᠰᠤ ᠬᠠᠳᠠᠭᠠᠯᠠᠬᠤ ᠤᠰᠤᠨ ᠴᠥᠭᠦᠷᠥᠮ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠣᠯᠤᠨ ᠠᠮᠢ ᠠᠬᠤᠶ ᠶᠢᠨ ᠬᠠᠮᠠᠭᠠᠯᠠᠯᠲᠠ ᠶᠢ ᠨᠢᠭᠡᠳᠦᠯᠲᠡᠶ ᠲᠥᠯᠥᠪᠵᠢᠭᠦᠯᠵᠦ᠂ ᠤᠰᠤᠨ ᠴᠥᠭᠦᠷᠥᠮ ᠠᠴᠠ ᠪᠤᠯᠤᠬᠰᠠᠨ ᠪᠠᠭ᠎ᠠ ᠤᠷᠴᠢᠨ ᠤ ᠠᠭᠤᠷ ᠠᠮᠢᠰᠬᠤᠯ ᠤᠨ ᠨᠥᠬᠦᠴᠡᠯ ᠢ ᠭᠦᠶᠴᠡᠳ ᠠᠰᠢᠭᠯᠠᠨ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠵᠤ᠂ ᠠᠵᠤ ᠦᠶᠯᠡᠰ ᠤᠨ ᠬᠥᠭᠵᠢᠯᠲᠡ ᠪᠣᠯᠤᠨ ᠠᠮᠢ ᠠᠬᠤᠶ ᠶᠢ ᠰᠠᠶᠢᠵᠢᠷᠠᠭᠤᠯᠬᠤ ᠬᠤᠤᠰ ᠠᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠡᠨᠧᠷᠬᠢ ᠲᠣᠣᠷ ᠳᠠᠭᠠᠭᠠᠴᠠ ᠨᠥᠭᠡᠴᠡ ᠶᠢᠨ ᠠᠵᠢᠯ ᠢ ᠬᠠᠮᠵᠢᠯᠴᠠᠨ ᠠᠬᠢᠭᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠪᠦᠳᠦᠭᠡᠨ ᠪᠠᠶᠢᠭᠤᠯᠤᠯᠲᠠ ᠪᠠ ᠡᠨᠧᠷᠭᠢ ᠨᠥᠭᠡᠴᠡᠯᠡᠬᠦ ᠲᠥᠬᠦᠭᠡᠷᠦᠮᠵᠢ ᠶᠢᠨ ᠬᠡᠷᠡᠭᠯᠡᠯᠲᠡ ᠶᠢ ᠴᠢᠩᠭᠠᠳᠬᠠᠵᠤ᠂ ᠴᠡᠪᠡᠷ ᠡᠨᠧᠷᠭᠢ ᠶᠢ ᠲᠣᠣᠷ ᠨᠡᠶᠢᠯᠡᠭᠦᠯᠦᠨ ᠪᠠᠭᠲᠠᠭᠠᠵᠤ ᠰᠢᠩᠭᠡᠭᠡᠬᠦ ᠶᠢ ᠠᠬᠢᠭᠤᠯᠤᠨ᠂ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠣᠣ ᠭᠠᠩ ᠬᠠᠮᠲᠤ ᠪᠠᠶᠢᠴᠠᠭᠠᠨ ᠰᠤᠳᠤᠯᠤᠯᠲᠠ ᠬᠢᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ