|
ᠮᠠᠨ ᠤ ᠣᠷᠣᠨ ᠤ 4 ᠳ᠋ᠦ᠋ᠭᠡᠷ ᠰᠠᠷ᠎ᠠ ᠶᠢᠨ 26 ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ | ᠬᠢᠵᠢᠭ ᠤᠨ ᠪᠠᠶᠢᠳᠠᠯ |
|
|
ᠨᠡᠶᠢᠲᠡᠯᠡᠭᠰᠡᠨ ᠴᠠᠭ᠄
2022/4/27
|
|
4 ᠰᠠᠷ᠎ᠠ ᠶᠢᠨ 26 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 7 ᠨᠡᠮᠡᠭᠳᠡᠵᠦ ︵ᠴᠥᠮ ᠬᠥᠯᠥᠨ ᠪᠣᠶᠢᠷ ᠬᠤᠲᠠ ᠳᠤ ᠪᠣᠢ︶᠂ ᠲᠤᠬᠠᠢ ᠶᠢᠨ ᠭᠠᠵᠠᠷ ᠤᠨ 1 ᠲᠣᠳᠣᠯᠠᠭᠰᠠᠨ ᠡᠪᠡᠳᠴᠢᠨ ᠤ ᠵᠢᠱᠢᠶ᠎ᠡ ︵ᠪᠠᠶᠠᠨᠨᠠᠭᠤᠷ ᠬᠤᠲᠠ ᠳᠤ ᠪᠣᠢ︶ ᠢᠯᠠᠷᠢᠰᠢᠵᠤ ᠡᠮᠨᠡᠯᠭᠡ ᠠᠴᠠ ᠭᠠᠷᠪᠠ᠃ ᠲᠤᠬᠠᠢ ᠶᠢᠨ ᠭᠠᠵᠠᠷ ᠤᠨ 1 ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ︵ᠬᠢᠩᠭᠠᠨ ᠠᠶᠢᠮᠠᠭ ᠲᠤ ᠪᠣᠢ︶ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠃ 4 ᠰᠠᠷ᠎ᠠ ᠶᠢᠨ 26 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 31 ᠪᠠᠶᠢᠵᠤ᠂ ᠡᠭᠦᠨ ᠳᠤ ᠪᠤᠭᠤᠲᠤ ᠬᠤᠲᠠ ᠳᠤ 3᠂ ᠬᠥᠯᠥᠨ ᠪᠣᠶᠢᠷ ᠬᠤᠲᠠ ᠳᠤ 25᠂ ᠬᠢᠩᠭᠠᠨ ᠠᠶᠢᠮᠠᠭ ᠲᠤ 1᠂ ᠤᠯᠠᠭᠠᠨᠬᠠᠳᠠ ᠬᠤᠲᠠ ᠳᠤ 2᠃ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠬᠢᠩᠭᠠᠨ ᠠᠶᠢᠮᠠᠭ ᠲᠤ ᠪᠣᠢ︶ ᠪᠠᠶᠢᠨ᠎ᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 10 ︵ᠴᠥᠮ ᠬᠥᠬᠡᠬᠤᠲᠠ ᠳᠤ ᠪᠣᠢ︶ ᠪᠠᠶᠢᠨ᠎ᠠ᠃ ᠪᠥᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|