ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/27

      4 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠲᠠᠪᠤᠳᠤᠭᠠᠷ ᠤᠳᠠᠭ᠎ᠠ ᠶᠢᠨ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠪᠦᠬᠦ ᠤᠯᠤᠰ ᠤᠨ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠠᠬᠢᠭᠤᠯᠬᠤ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠠᠶᠤᠯᠭᠦᠢ ᠦᠢᠯᠡᠳᠪᠦᠷᠢᠯᠡᠯ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠬᠤ ᠵᠡᠷᠭᠡ ᠵᠦᠢᠯ ᠢ ᠰᠤᠳᠤᠯᠵᠠᠢ᠃
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠬᠤᠷᠢᠨ ᠲᠠᠪᠤᠳᠤᠭᠠᠷ ᠤᠳᠠᠭ᠎ᠠ ᠶᠢᠨ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠨᠢ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠮᠠᠨ ᠤ ᠣᠷᠣᠨ ᠤ ᠪᠣᠳᠠᠲᠤ ᠪᠠᠶᠢᠳᠠᠯ ᠠᠴᠠ ᠪᠠᠨ ᠡᠭᠦᠰᠴᠦ᠂ ᠡᠭᠦᠷᠭᠡ ᠴᠢᠳᠠᠪᠬᠢ ᠪᠠᠨ ᠬᠤᠪᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠭᠡᠬᠦ ᠭᠡᠷᠡᠭᠲᠡᠢ︔ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠠᠷᠢᠯᠢᠭ ᠣᠨᠣᠪᠴᠢᠲᠠᠢ᠂ ᠦᠷᠭᠦᠯᠵᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠡᠷᠡᠭᠲᠡᠢ︔ ᠭᠦᠶᠴᠡᠳᠭᠡᠯ ᠲᠤᠭ᠎ᠠ ᠶᠢᠨ ᠬᠤᠪᠢ ᠶᠢᠨ ᠵᠢᠩ᠂ ᠦᠷ᠎ᠡ ᠳ᠋ᠦᠩ ᠤᠨ ᠠᠰᠢᠬᠯᠠᠯᠳᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠬᠢᠨᠠᠨ ᠪᠤᠳᠤᠵᠤ ᠲᠦᠷᠢᠮ ᠢ ᠪᠠᠶᠢᠭᠤᠯᠤᠨ ᠪᠦᠷᠢᠨᠰᠢᠭᠦᠯᠬᠦ ᠭᠡᠷᠡᠭᠲᠡᠢ︔ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ᠂ ᠤᠨᠤᠴᠠᠳᠠᠢ ᠪᠠᠷ ᠪᠡᠯᠡ ᠤᠷᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠶᠢ ᠳᠡᠮᠵᠢᠬᠦ ᠮᠥᠩᠭᠦᠨ ᠭᠦᠶᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠲᠡᠢ︔ ᠶᠠᠰᠤ ᠴᠢᠨᠠᠷ᠂ ᠠᠵᠢᠯ ᠤᠨ ᠠᠮᠵᠢᠯᠲᠠ᠂ ᠬᠤᠪᠢ ᠨᠡᠮᠡᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠰᠢᠨ᠎ᠡ ᠶᠢ ᠡᠭᠦᠳᠬᠦ ᠶᠢ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠥᠭᠡᠷᠡᠴᠢᠯᠡᠯᠲᠡ ᠶᠢᠨ ᠠᠰᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠭᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ᠂ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠪᠠᠶᠢᠬᠤ ᠶᠢ ᠠᠬᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠪᠠᠶᠢᠷᠢᠯᠠᠭᠤᠯᠤᠯᠲᠠ ᠬᠢᠪᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠬᠠᠮᠰᠠᠷ ᠠᠴᠠ ᠪᠠᠨ ︽ᠬᠤᠶᠠᠷ ᠶᠡᠭᠡ ᠲᠠᠯ᠎ᠠ︾ ᠳᠤ ᠵᠣᠭᠰᠣᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠶᠯ ᠢ ᠪᠠᠲᠤᠯᠠᠬᠤ᠂ ᠪᠠᠷᠠᠭᠠᠨ ᠤ ᠲᠡᠭᠡᠭᠡᠪᠦᠷᠢ ᠶᠢ ᠰᠠᠭᠠᠳ ᠥᠬᠡᠶ ᠨᠡᠪᠲᠡᠷᠡᠭᠦᠯᠬᠦ᠂ ᠠᠵᠤ ᠦᠶᠯᠡᠰ ᠢ ᠣᠷᠴᠢᠯ ᠲᠠᠢ ᠪᠣᠯᠭᠠᠬᠤ ᠴᠢᠬᠤᠯᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢ ᠱᠠᠯᠠᠪᠳᠠᠨ ᠪᠠᠶᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠲᠤᠰᠬᠠᠭᠰᠠᠨ ᠲᠦᠭᠵᠢᠷᠡᠵᠦ ᠬᠦᠴᠢᠷᠳᠡᠵᠦ ᠲᠦᠪᠡᠭᠳᠡᠵᠦ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠶᠳᠪᠦᠷᠢᠯᠡᠵᠦ᠂ ᠪᠠᠷᠠᠭᠠᠨ ᠤ ᠭᠦᠢᠯᠭᠡᠭᠡᠨ ᠤ ︽ᠨᠢᠭᠡ ᠶᠢ ᠬᠤᠷᠢᠬᠯᠠᠵᠦ ᠭᠤᠷᠪᠠ ᠶᠢ ᠦᠯᠦ ᠲᠠᠰᠤᠯᠳᠠᠭᠤᠯᠬᠤ︾ ᠵᠡᠷᠭᠡ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠱᠠᠭᠠᠷᠳᠠᠯᠭ᠎ᠠ ᠶᠢ ᠲᠡᠷᠡ ᠶᠤᠰᠤᠭᠠᠷ ᠨᠢ ᠪᠤᠳᠠᠳᠠᠢ ᠳᠤ ᠨᠠᠶᠢᠳᠠᠪᠦᠷᠢᠵᠢᠭᠤᠯᠵᠤ᠂ ᠪᠤᠳᠠᠳᠠᠢ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠳᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃
      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠪᠣᠯ ᠤᠯᠤᠰ ᠤᠨ ᠶᠡᠭᠡ ᠶᠠᠪᠤᠳᠠᠯ ᠪᠣᠯᠬᠤ ᠪᠥᠭᠡᠳ ᠪᠠᠰᠠ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠶᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠶᠯᠡᠳᠦᠯᠭᠡᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠠᠷᠪᠠᠨ ᠲᠠᠪᠤᠨ ᠵᠦᠶᠯ ᠤᠨ ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠭᠦᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠪᠥᠬᠦ ᠣᠷᠣᠨ ᠤ ᠠᠶᠤᠯᠭᠦᠢ ᠦᠶᠯᠡᠳᠪᠦᠷᠢᠯᠡᠯ ᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠵᠡᠮᠳᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠥᠨᠥᠳᠦᠷ ᠤᠨ ᠠᠷᠠᠯᠵᠢᠶᠠᠴᠢᠨ ᠤᠷᠢᠬᠤ ᠡᠷᠴᠢᠮ ᠪᠣᠯ ᠳᠠᠷᠤᠢ ᠢᠷᠡᠬᠦ ᠮᠠᠷᠭᠠᠰᠢ ᠶᠢᠨ ᠬᠥᠭᠵᠢᠯᠲᠡ ᠶᠢᠨ ᠦᠨᠳᠦᠷᠴᠡ ᠪᠣᠯᠤᠨ᠎ᠠ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠲᠠᠢ ᠨᠢᠭᠲᠠ ᠤᠶᠠᠯᠳᠤᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠭᠡᠬᠦ ᠲᠠᠢ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠡᠬᠢᠨ ᠤ ᠪᠠ ᠡᠴᠦᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ ᠭᠤᠭᠴᠤᠭ᠎ᠠ ᠲᠠᠢ ᠨᠢᠭᠲᠠ ᠤᠶᠠᠯᠳᠤᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠥᠴᠦᠬᠡᠨ ᠴᠦ ᠴᠠᠯᠠᠭᠠᠶᠢᠷᠠᠬᠤ ᠦᠭᠡᠢ ᠪᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠵᠥ᠂ ︽ᠡᠬᠢᠯᠡᠬᠦ ᠳᠤ ᠲᠣᠭᠲᠠᠭᠤᠨ ᠪᠠᠶᠢᠯᠭᠠᠬᠤ︾ ᠶᠢ ︽ᠪᠦᠬᠦ ᠵᠢᠯ ᠢᠶᠠᠷ ᠢᠶᠠᠨ ᠲᠣᠭᠲᠠᠭᠤᠨ ᠪᠠᠶᠢᠯᠭᠠᠬᠤ︾ ᠪᠤᠯᠭᠠᠨ ᠬᠤᠪᠢᠷᠠᠭᠤᠯᠵᠤ᠂ ︽ᠡᠬᠢᠯᠡᠯᠲᠡ ᠰᠠᠶᠢᠨ ᠪᠠᠶᠢᠬᠤ︾ ᠶᠢ ︽ᠪᠦᠬᠦ ᠵᠢᠯ ᠢᠶᠠᠷ ᠢᠶᠠᠨ ᠰᠠᠶᠢᠨ ᠪᠠᠶᠢᠬᠤ︾ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ᠠᠵᠤ ᠠᠬᠤᠢ ᠶᠢᠨ ᠡᠷᠭᠢᠯᠲᠡ᠂ ᠠᠵᠢᠯ ᠣᠯᠭᠤᠵᠤ ᠦᠢᠯᠡᠰ ᠪᠤᠰᠬᠠᠬᠤ᠂ ᠲᠤᠭ᠎ᠠ ᠪᠦᠷᠢᠳᠭᠡᠯ ᠤᠨ ᠬᠢᠨᠠᠯᠲᠠ ᠲᠠᠯᠪᠢᠬᠤ ᠵᠡᠷᠭᠡ ᠵᠦᠢᠯ ᠢ ᠰᠤᠳᠤᠯᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ