ᠸᠠᠩ ᠯᠢ ᠰᠢᠶᠠ ᠲᠦᠷᠦᠬᠦᠦ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠳᠤᠬᠳᠠᠬᠰᠠᠨ ᠬᠠᠷᠠᠯᠲᠠ ᠪᠠᠨ ᠤᠨᠢᠯᠠᠵᠥ ᠢᠲᠡᠭᠡᠯ ᠵᠣᠷᠢᠭ ᠢᠶᠠᠨ ᠪᠠᠲᠤᠳᠬᠠᠵᠤ ᠯᠠᠪᠳᠠᠭᠤᠨ ᠪᠠᠲᠤᠲᠠᠢ ᠠᠵᠢᠯᠯᠠᠵᠥ ᠪᠥᠬᠦ ᠬᠦᠴᠦᠨ ᠢᠶᠠᠷ ᠢᠶᠠᠨ ︽ᠡᠬᠢᠯᠡᠮᠡᠭᠴᠡ ᠲᠣᠭᠲᠠᠭᠤᠨ ᠪᠠᠶᠢᠯᠭᠠᠬᠤ︾ ᠶᠢ ︽ᠪᠦᠬᠦ ᠵᠢᠯ ᠢᠶᠠᠷ ᠢᠶᠠᠨ ᠲᠣᠭᠲᠠᠭᠤᠨ ᠪᠠᠶᠢᠯᠭᠠᠬᠤ︾ ᠪᠣᠯᠭᠠᠨ ᠬᠤᠪᠢᠷᠠᠭᠤᠯᠵᠥ ︽ᠡᠬᠢᠯᠡᠯᠳᠡ ᠰᠠᠶᠢᠨ ᠪᠠᠶᠢᠬᠤ︾ ᠶᠢ ︽ᠪᠦᠬᠦ ᠵᠢᠯ ᠢᠶᠠᠷ ᠢᠶᠠᠨ ᠰᠠᠶᠢᠨ ᠪᠠᠶᠢᠬᠤ︾ ᠪᠤᠯᠭᠠᠨ ᠬᠤᠪᠢᠷᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2022/4/27

      4 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦᠳᠠ ᠬᠤᠷᠠᠯ ᠬᠤᠷᠠᠯᠳᠤᠭᠤᠯᠵᠤ᠂ ᠨᠢᠭᠡ ᠡᠳᠦᠷ ᠤᠨ ᠴᠠᠭ ᠢ ᠠᠰᠢᠭᠯᠠᠨ ᠪᠦᠬᠦ ᠣᠷᠣᠨ ᠤ ᠲᠦᠷᠦᠭᠦᠦ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠰᠤᠳᠤᠯᠤᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
      ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ  ᠪᠣᠯᠤᠨ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ

︵ᠵᠠᠬᠢᠷᠭ᠎ᠠ︶ ᠤ ᠭᠤᠤᠯ ᠬᠠᠷᠢᠭᠤᠴᠠᠯᠭᠠᠲᠠᠨ ᠨᠥᠬᠦᠳ PPT ᠶᠢ ᠠᠰᠢᠭᠯᠠᠨ ᠵᠠᠳᠠᠯᠤᠯᠲᠠ ᠬᠢᠵᠦ ᠬᠠᠷᠢᠭᠤ ᠮᠡᠳᠡᠭᠦᠯᠤᠨ᠂ ᠰᠢᠭᠤᠳ ᠭᠤᠤᠯ ᠰᠡᠳᠦᠪ ᠲᠤ ᠴᠢᠭᠯᠡᠭᠦᠯᠦᠨ᠂ ᠠᠮᠵᠢᠯᠲᠠ ᠪᠠᠨ ᠬᠠᠷᠢᠭᠤ ᠮᠡᠳᠡᠭᠦᠯᠵᠦ᠂ ᠠᠰᠠᠭᠤᠳᠠᠯ ᠢᠶᠠᠨ ᠳᠤᠷᠠᠳᠴᠤ᠂ ᠠᠷᠭ᠎ᠠ ᠬᠡᠮᠵᠢᠶ᠎ᠡ ᠪᠠᠨ ᠲᠣᠳᠣᠷᠬᠠᠶᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠦᠨᠡᠯᠡᠯᠲᠡ ᠪᠠᠶᠢᠷᠢᠯᠠᠭᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠯᠢ ᠪᠢᠩ ᠷᠦᠩ ᠠᠵᠢᠯ ᠤᠨ ᠰᠠᠨᠠᠯ ᠢᠶᠠᠨ ᠶᠠᠷᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠪᠣᠣ ᠰᠢᠶᠠᠨ ᠬᠤᠸᠠ ᠬᠤᠷᠠᠯ ᠳᠤ ᠣᠷᠣᠯᠴᠠᠪᠠ᠃
      ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠬᠢᠵᠢᠭ ᠤᠨ ᠪᠠᠶᠢᠳᠠᠯ ᠤᠯᠠᠨᠳᠠ ᠡᠭᠦᠰᠴᠦ ᠤᠯᠠᠨᠳᠠ ᠬᠤᠪᠢᠷᠠᠵᠤ᠂ ᠭᠡᠨᠡᠳᠲᠡ ᠡᠭᠦᠰᠦᠭᠰᠡᠨ ᠬᠦᠴᠦᠨ ᠵᠦᠢᠯ ᠵᠢᠱᠢᠯᠲᠡ ᠠᠴᠠ ᠳᠠᠪᠠᠵᠤ᠂ ᠠᠵᠤ ᠠᠬᠤᠢ ᠶᠢᠨ ᠲᠣᠭᠲᠠᠭᠤᠨ ᠡᠷᠬᠢᠯᠳᠡ ᠶᠢᠨ ᠲᠣᠭᠳᠠᠭᠠᠯᠳᠤ ᠪᠤᠰᠤ ᠴᠢᠨᠠᠷ ᠪᠣᠯᠤᠨ ᠥᠷᠢᠰᠥᠯᠳᠦᠭᠡᠨ ᠨᠡᠩ ᠶᠡᠭᠡ ᠪᠤᠯᠤᠬᠰᠠᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠪᠦᠬᠦ ᠣᠷᠣᠨ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠨᠥᠯᠥᠭᠡ ᠶᠢ ᠢᠯᠠᠨ ᠳᠠᠪᠠᠵᠤ᠂ ᠠᠵᠤ ᠠᠬᠤᠢ ᠤᠷᠤᠭᠤᠳᠠᠬᠤ ᠯᠤᠲᠤ ᠶᠡᠭᠡ ᠳᠠᠷᠤᠯᠲᠠ ᠶᠢ ᠲᠤᠯᠵᠤ᠂

︽ᠡᠬᠢᠯᠡᠮᠡᠭᠴᠡ ᠲᠣᠭᠲᠠᠭᠤᠨ ᠪᠠᠶᠢᠯᠭᠠᠬᠤ︾᠂ ︽ᠡᠬᠢᠯᠡᠯᠳᠡ ᠰᠠᠶᠢᠨ ᠪᠠᠶᠢᠬᠤ︾ ᠶᠢ ᠪᠡᠶᠡᠯᠡᠬᠦᠯᠪᠡ ᠬᠡᠵᠥ ᠵᠢᠭᠠᠵᠥ ᠭᠠᠷᠭᠠᠪᠠ᠃
      ᠬᠤᠷᠠᠯ ᠠᠴᠠ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠡᠷᠬᠡᠪᠰᠢ ᠲᠦᠷᠦᠬᠦᠦ ᠤᠯᠠᠷᠢᠯ ᠤᠨ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠦᠷᠬᠦᠯᠵᠢᠯᠡᠨ ᠪᠠᠳᠠᠷᠠᠭᠤᠯᠵᠥ᠂ ᠪᠠᠶᠢᠷᠢᠯᠠᠭᠤᠯᠤᠯᠲᠠ ᠶᠢᠨ ᠤᠨᠤᠴᠠᠳᠠᠢ ᠬᠡᠮᠵᠢᠶ᠎ᠡ ᠶᠢ ᠳᠡᠭᠡᠭᠰᠢᠯᠡᠭᠦᠯᠬᠦ ᠶᠢ ᠪᠠᠷᠢᠮᠲᠠᠯᠠᠵᠥ᠂ ᠲᠥᠷᠥ ᠶᠢᠨ ᠪᠣᠳᠣᠯᠭ᠎ᠠ ᠶᠢᠨ ᠳᠤᠬᠢᠷᠠᠮᠵᠢᠳᠠᠢ ᠴᠠᠭ ᠳᠤᠬᠢᠷᠠᠮᠵᠢᠳᠠᠢ ᠬᠡᠮᠵᠢᠶ᠎ᠡ ᠶᠢ ᠪᠦᠳᠦᠮᠵᠢᠳᠡᠢ ᠪᠠᠶᠢᠯᠭᠠᠬᠤ ᠶᠢ ᠴᠢᠩᠭᠠᠷᠠᠭᠤᠯᠵᠥ᠂ ᠠᠵᠢᠯ ᠬᠢᠬᠦ ᠵᠣᠷᠢᠭ ᠰᠠᠨᠠᠭ᠎ᠠ ᠪᠠᠨ ᠬᠥᠪᠴᠢᠯᠡᠵᠥ᠂ ᠨᠠᠶᠢᠳᠠᠪᠤᠷᠢᠵᠢᠭᠤᠯᠤᠯᠲᠠ ᠶᠢᠨ ᠴᠢᠩᠭ᠎ᠠ ᠴᠢᠨᠠᠷ ᠢ ᠴᠢᠩᠭᠠᠳᠬᠠᠵᠥ᠂ ᠲᠣᠭᠲᠠᠭᠤᠨ ᠪᠠᠶᠢᠯᠭᠠᠬᠤ ᠪᠠ ᠠᠬᠢᠭᠤᠯᠬᠤ᠂ ᠪᠠᠶᠢᠭᠤᠯᠬᠤ ᠪᠠ ᠡᠪᠳᠡᠬᠦ᠂ ᠬᠠᠭᠤᠷᠮᠠᠭ ᠪᠠ ᠦᠨᠡᠨ᠂ ᠦᠩᠬᠡᠨ ᠳᠠᠯ᠎ᠠ ᠪᠠ ᠦᠨᠳᠤᠰᠤ᠂ ᠤᠢᠢᠷ᠎ᠠ ᠪᠠ ᠬᠤᠯᠠ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠥ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠪᠠ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠬᠠᠷᠢᠯᠴᠠᠨ ᠨᠢᠭᠡᠳᠭᠡᠬᠦ ᠶᠢ ᠪᠠᠷᠢᠮᠲᠠᠯᠠᠵᠥ᠂ ᠯᠠᠪᠳᠠᠭᠤᠨ ᠪᠠᠲᠤᠲᠠᠢ ᠠᠵᠢᠯᠯᠠᠬᠤ ᠪᠠ ᠬᠤᠷᠳᠤᠴᠠ ᠲᠦᠷᠭᠡᠨ ᠴᠸ ᠠᠯᠬᠤᠭ᠎ᠠ ᠯᠠᠪᠳᠠᠭᠤᠨ ᠪᠠᠶᠢᠬᠤ ᠶᠢ ᠤᠶᠠᠯᠳᠤᠭᠤᠯᠬᠤ ᠶᠢ ᠪᠠᠷᠢᠮᠲᠠᠯᠠᠵᠥ᠂ ᠳᠤᠭ᠎ᠠ ᠬᠡᠮᠵᠢᠶᠡᠨ ᠤ ᠵᠦᠶ ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠶᠢ ᠬᠠᠷᠢᠯᠴᠠᠨ ᠬᠠᠮᠵᠢᠯᠴᠠᠭᠤᠯᠬᠤ ᠶᠢ ᠪᠠᠷᠢᠮᠲᠠᠯᠠᠵᠥ᠂ ᠪᠥᠬᠦ ᠬᠦᠴᠦᠨ ᠢᠶᠠᠷ ᠢᠶᠠᠨ ︽ᠡᠬᠢᠯᠡᠮᠡᠭᠴᠡ ᠲᠣᠭᠲᠠᠭᠤᠨ ᠪᠠᠶᠢᠯᠭᠠᠬᠤ︾ ᠶᠢ ︽ᠪᠥᠬᠦ ᠵᠢᠯ ᠢᠶᠠᠷ ᠢᠶᠠᠨ ᠲᠣᠭᠲᠠᠭᠤᠨ ᠪᠠᠶᠢᠯᠭᠠᠬᠤ︾ ᠪᠣᠯᠭᠠᠨ ᠬᠤᠪᠢᠷᠠᠭᠤᠯᠵᠥ᠂ ︽ᠡᠬᠢᠯᠡᠯᠲᠡ ᠰᠠᠶᠢᠨ ᠪᠠᠶᠢᠬᠤ︾ ᠶᠢ ︽ᠪᠦᠬᠦ ᠵᠢᠯ ᠢᠶᠠᠷ ᠢᠶᠠᠨ ᠰᠠᠶᠢᠨ ᠪᠠᠶᠢᠬᠤ︾ ᠪᠣᠯᠭᠠᠨ ᠬᠤᠪᠢᠷᠠᠭᠤᠯᠬᠤ ᠬᠡᠷᠡᠭᠳᠡᠢ᠃ ᠲᠣᠭᠲᠠᠭᠤᠨ ᠪᠠᠶᠢᠯᠭᠠᠬᠤ ᠭᠤᠤᠯ ᠬᠥᠭ ᠠᠶᠠᠰ ᠢ ᠲᠡᠷᠢᠭᠦᠨ ᠳᠤ ᠲᠠᠯᠪᠢᠵᠥ᠂ ᠲᠡᠷᠢᠭᠦᠨ ᠴᠢᠬᠤᠯᠠ ᠶᠠᠪᠤᠳᠠᠯ ᠪᠤᠯᠭᠠᠵᠥ᠂ ᠢᠮᠠᠭᠲᠠ ᠲᠤᠭᠤᠰᠢᠯᠠᠭᠤᠯᠵᠤ᠂ ᠲᠣᠭᠲᠠᠭᠤᠨ ᠪᠠᠶᠢᠳᠠᠯ ᠢ ᠪᠠᠲᠤᠯᠠᠵᠥ ᠠᠬᠢᠭᠤᠯᠬᠤ ᠲᠦᠷᠦ ᠶᠢᠨ ᠪᠤᠳᠤᠯᠭ᠎ᠠ ᠶᠢᠨ ᠲᠠᠯ᠎ᠡ ᠪᠠᠷ ᠳᠦᠷᠦᠬᠦᠯᠡᠨ ᠬᠦᠴᠦᠯᠡᠵᠥ᠂ ᠴᠠᠭ ᠲᠤᠨᠢ ᠲᠣᠬᠢᠷᠠᠭᠤᠯᠤᠨ ᠬᠦᠴᠦᠯᠡᠵᠥ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠵᠤ ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠨ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠳᠡᠭᠡᠭᠰᠢᠯᠡᠭᠦᠯᠵᠥ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠥ᠂ ᠳᠡᠷᠡ ᠬᠡᠪ ᠢᠶᠠᠷ ᠨᠢ ᠰᠠᠬᠢᠵᠥ᠂ ᠪᠡᠯᠡ ᠣᠷᠣᠭᠤᠯᠤᠯᠲᠠ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠨ᠂ ᠴᠢᠩᠭ᠎ᠠ ᠠᠳᠬᠤᠵᠥ ᠪᠤᠳᠠᠳᠠᠶᠢᠵᠢᠭᠤᠯᠵᠥ᠂ ᠠᠩᠬᠠᠨ ᠤ ᠪᠦᠲᠦᠭᠡᠭᠳᠡᠬᠦᠨ ᠤ ᠬᠠᠩᠭᠠᠯᠭ᠎ᠠ ᠳᠤ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ᠂ ᠲᠣᠭᠲᠠᠭᠤᠨ ᠤ ᠳᠤᠮᠳᠠ ᠠᠬᠢᠭᠤᠯᠵᠥ᠂ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠳᠤ ᠬᠡᠯᠬᠢᠶ᠎ᠡ ᠶᠢ ᠬᠦᠴᠦᠷᠬᠡᠭᠵᠢᠬᠦᠯᠦᠨ᠂ ᠰᠢᠯᠢᠳᠡᠭᠵᠢᠬᠦᠯᠦᠨ ᠴᠤᠬᠯᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠴᠥᠬᠦᠷᠡᠰᠢ ᠦᠭᠡᠢ ᠪᠠᠶᠢᠵᠦ᠂ ᠬᠠᠲᠠᠭᠤ ᠲᠠᠢ ᠨᠢ ᠬᠠᠯᠳᠠᠵᠥ᠂ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠨᠠᠷᠢᠯᠢᠭ ᠠᠴᠠ ᠨᠠᠷᠢᠯᠢᠭ᠂ ᠴᠢᠩᠭ᠎ᠠ ᠠᠴᠠ ᠴᠢᠩᠭ᠎ᠠ ᠪᠠᠶᠢᠵᠥ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠣᠷᠣᠯᠭ᠎ᠠ ᠶᠢ ᠲᠣᠭᠲᠠᠪᠤᠷᠢᠵᠢᠭᠤᠯᠬᠤ ᠳᠤ ᠪᠦᠬᠦ ᠬᠦᠴᠦᠨ ᠢᠶᠠᠨ ᠰᠢᠪᠬᠠᠨ᠂ ᠪᠦᠬᠦ ᠬᠦᠴᠦ ᠪᠠᠷ ᠢᠶᠠᠨ ᠴᠢᠷᠮᠠᠶᠢᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠴᠢᠳᠠᠯ ᠢᠶᠠᠷ ᠢᠶᠠᠨ ᠴᠢᠷᠮᠠᠶᠢᠵᠥ᠂ ᠴᠢᠳᠠᠯ ᠤᠨ ᠢᠶᠠᠨ ᠬᠢᠷᠢ ᠪᠠᠷ ᠬᠢᠵᠥ᠂ ᠪᠦᠬᠦ ᠣᠷᠣᠨ ᠤ ᠣᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠵᠤ ᠪᠠᠶᠢᠭᠠᠳ ᠬᠦᠴᠢᠷ ᠢ ᠲᠤᠭᠤᠯᠤᠨ ᠪᠡᠷᠬᠡ ᠶᠢ ᠳᠠᠪᠠᠵᠥ᠂ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃
      ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠬᠡᠯᠬᠢᠶ᠎ᠡ ᠪᠠᠨ ᠪᠠᠬᠢᠵᠢᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠣᠨ ᠤ ᠬᠠᠷᠠᠯᠲᠠ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠵᠥᠷᠢᠶ᠎ᠡ ᠪᠠᠨ ᠡᠷᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠳᠠᠪᠠᠭᠤᠯᠢᠭ ᠢᠶᠠᠨ ᠪᠣᠶᠢᠵᠢᠭᠤᠯᠵᠤ᠂ ᠬᠥᠳᠡᠯᠭᠡᠬᠦ ᠡᠨᠧᠷᠭᠢ ᠪᠠᠨ ᠨᠡᠮᠡᠭᠳᠡᠭᠦᠯᠵᠦ᠂ ᠪᠤᠰᠤᠳ ᠠᠴᠠ ᠤᠷᠢᠲᠠᠵᠤ ᠲᠥᠯᠥᠪᠵᠢᠭᠦᠯᠭᠡ ᠪᠠᠨ ᠠᠳᠬᠤᠵᠤ᠂ ᠪᠤᠰᠤᠳ ᠠᠴᠠ ᠲᠦᠷᠭᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠤᠰᠤᠳ ᠠᠴᠠ ᠰᠠᠶᠢᠲᠤᠷ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠥ᠂ ᠴᠠᠭ ᠢᠮᠠᠭᠲᠠ ᠭᠠᠵᠠᠷ ᠪᠣᠯᠭᠠᠨ ᠳᠤ ︽ᠳᠠᠷᠤᠶᠢᠬᠠᠨ ᠰᠢᠢᠳᠪᠦᠷᠢᠯᠡᠵᠦ︾᠂ ᠡᠯ᠎ᠡ ᠲᠠᠯ᠎ᠠ ᠪᠠᠷ ︽ᠰᠠᠶᠢᠲᠤᠷ ᠬᠢᠵᠦ︾᠂ ᠪᠣᠳᠠᠲᠤ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
      ᠡᠯ᠎ᠡ ᠠᠶᠢᠮᠠᠭ ᠬᠤᠲᠠ ᠶᠢᠨ ᠠᠷᠠᠳ ᠤᠨ ᠵᠠᠰᠠᠭ ᠤᠨ ᠣᠷᠳᠣᠨ ︵ᠵᠠᠬᠢᠷᠭ᠎ᠠ︶ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ