ᠸᠠᠩ ᠴᠧᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ ᠬᠠᠤᠯᠢᠵᠢᠯ ᠤᠨ ᠪᠠᠶᠢᠭᠤᠯᠤᠯᠲᠠ ᠪᠠ ᠪᠠᠲᠤᠯᠠᠭ᠎ᠠ ᠶᠢ ᠴᠢᠩᠭᠠᠳᠬᠠᠵᠤ ᠡᠬᠡ ᠤᠯᠤᠰ ᠤᠨ ᠤᠮᠠᠷᠠᠲᠤ ᠬᠢᠯᠢ ᠶᠢᠨ ᠥᠨᠢ ᠤᠳᠠᠭᠠᠨ ᠠᠮᠤᠷ ᠲᠦᠪᠰᠢᠨ ᠪᠠᠶᠢᠬᠤ ᠪᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ    ᠱᠢ ᠲᠠᠢ ᠹᠸᠡᠭ  ᠱᠧᠨ ᠴᠦᠨ ᠶᠤᠤ ᠪᠠᠶᠢᠴᠠᠭᠠᠨ ᠰᠤᠳᠤᠯᠤᠯᠳᠠ ᠳᠤ ᠤᠷᠤᠯᠴᠠᠪᠠ
ᠨᠡᠶᠢᠲᠡᠯᠡᠭᠰᠡᠨ ᠴᠠᠭ᠄
2022/4/28
      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠸᠠᠩ ᠴᠧᠨ 24 ᠤ ᠡᠳᠦᠷ ᠠᠴᠠ 26 ᠤ ᠡᠳᠦᠷ ᠪᠣᠯᠲᠠᠯ᠎ᠠ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ︽ᠲᠠᠪᠤᠨ ᠵᠠᠶᠢᠯᠠᠰᠢ ᠦᠭᠡᠢ ᠵᠠᠮᠨᠠᠬᠤ ᠵᠠᠮ︾ ᠤᠨ ᠦᠶᠯᠡᠳᠦᠯᠭᠡ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠦᠶᠯᠡᠴᠢᠯᠡᠬᠦ ᠪᠠ ᠠᠭᠤᠰᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠬᠠᠤᠯᠢᠵᠢᠯ ᠤᠨ ᠪᠠᠶᠢᠭᠤᠯᠤᠯᠲᠠ ᠪᠠ ᠪᠠᠲᠤᠯᠠᠭ᠎ᠠ ᠶᠢ ᠴᠢᠩᠭᠠᠳᠬᠠᠵᠤ᠂ ᠪᠦᠯᠬᠦᠮᠳᠡᠨ ᠲᠡᠮᠡᠴᠡᠵᠦ ᠡᠬᠡ ᠤᠯᠤᠰ ᠤᠨ ᠤᠮᠠᠷᠠᠲᠤ ᠬᠢᠯᠢ ᠶᠢᠨ ᠥᠨᠢ ᠤᠳᠠᠭᠠᠨ ᠠᠮᠤᠷ ᠲᠣᠭᠲᠠᠭᠤᠨ ᠪᠠᠶᠢᠬᠤ ᠪᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠬᠢᠯᠡᠭᠴᠢᠱᠧᠨ ᠴᠦᠨ ᠶᠣᠣ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
1.jpg
2.jpg
      ᠥᠪᠥᠷ ᠮᠣᠩᠭᠤᠯ ᠳᠤ ᠪᠠᠶᠢᠬᠤ ᠬᠤᠭᠤᠴᠠᠭᠠᠨ ᠳᠠᠭᠠᠨ᠂ ᠸᠠᠩ ᠴᠧᠨ ᠲᠤᠬᠠᠢ ᠶᠢᠨ ᠭᠠᠵᠠᠷ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠪᠠ᠃ ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠳᠤ᠂ ᠬᠦᠢᠳᠡᠨ ᠢᠶᠠᠷ ᠬᠡᠪᠰᠢᠭᠦᠯᠬᠦ ᠦᠢᠯᠡᠳᠪᠦᠷᠢᠯᠡᠯ ᠤᠨ ᠱᠤᠭᠤᠮ ᠢ ᠰᠢᠨᠵᠢᠯᠡᠨ ᠪᠠᠶᠢᠴᠠᠭᠠᠵᠤ᠂ ᠪᠦᠯᠦᠭᠯᠡᠯ ᠤᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠭᠤᠣᠯ ᠪᠤᠯᠬᠤ ᠠᠵᠤ ᠦᠢᠯᠡᠰ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ︽ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠢ ᠪᠦᠳᠦᠬᠡᠨ ᠪᠠᠶᠢᠭᠤᠯᠬᠤ︾ ᠴᠠᠭ ᠦᠶ᠎ᠡ ᠶᠢᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠭᠡᠷᠡᠢ ᠭᠡᠵᠦ ᠵᠣᠷᠢᠭᠵᠢᠭᠤᠯᠪᠠ᠃ ᠥᠪᠥᠷ ᠮᠣᠩᠭᠤᠯ ᠤᠨ ᠨᠢᠭᠡᠳᠦᠭᠡᠷ ᠮᠠᠰᠢᠨ ᠮᠧᠬᠠᠨᠢᠭ ᠤᠨ ᠪᠦᠯᠦᠭᠯᠡᠯ᠂ ᠪᠧᠶ ᠪᠧᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠪᠦᠯᠦᠭᠯᠡᠯ ᠪᠣᠯᠤᠨ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠬᠤᠪᠢᠴᠠᠭᠠᠳᠤ ᠬᠢᠵᠠᠭᠠᠷᠲᠤ ᠺᠣᠮᠫᠠᠨᠢ ᠳᠤ᠂ ᠬᠦᠨᠳᠦ ᠠᠴᠢᠶᠠᠨ ᠤ ᠮᠠᠰᠢᠨ ᠲᠡᠷᠭᠡ᠂ ᠠᠭᠤᠷᠬᠠᠶ ᠳᠤ ᠬᠡᠷᠡᠭᠯᠡᠬᠦ ᠮᠠᠰᠢᠨ ᠲᠡᠷᠭᠡ ᠵᠡᠷᠭᠡ ᠶᠢᠨ ᠦᠶᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠣᠶᠤᠨ ᠴᠢᠳᠠᠯ ᠢᠶᠠᠨ ᠰᠢᠪᠬᠠᠨ ᠤᠯᠤᠰ ᠣᠷᠣᠨ ᠢᠶᠠᠨ ᠵᠠᠰᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ︽ᠲᠣᠮᠣ ᠤᠯᠤᠰ ᠤᠨ ᠬᠦᠨᠳᠦ ᠲᠣᠨᠣᠭᠯᠠᠯ︾ ᠢ ᠡᠬᠦᠳᠬᠦ ᠲᠠᠯ᠎ᠠ ᠪᠠᠷ ᠣᠯᠤᠭᠰᠠᠨ ᠢᠳᠡᠪᠬᠢᠲᠡᠶ ᠠᠬᠢᠴᠠ ᠶᠢ ᠣᠶᠢᠯᠠᠭᠠᠪᠠ᠃ ᠥᠪᠥᠷ ᠮᠣᠩᠭᠤᠯ ᠤᠨ ᠲᠦᠩ ᠸᠧᠶ ᠴᠤᠯ ᠴᠡᠪᠡᠷ ᠲᠠᠯᠠᠰᠲᠤ ᠴᠠᠬᠢᠭᠤᠷ ᠤᠨ ᠬᠢᠵᠠᠭᠠᠷᠲᠤ ᠺᠣᠮᠫᠠᠨᠢ᠂ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠳᠤ᠂ ᠬᠡᠷᠡᠯᠴᠢ ᠴᠡᠨᠡᠭ ᠤᠨ ᠠᠵᠤ ᠦᠶᠯᠡᠰ ᠤᠨ ᠬᠥᠭᠵᠢᠯᠲᠡ ᠶᠢᠨ ᠲᠠᠨᠢᠯᠴᠠᠭᠤᠯᠭ᠎ᠠ ᠶᠢ ᠰᠣᠨᠣᠰᠴᠤ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠪᠣᠷ ᠰᠢᠷᠣᠶ ᠪᠣᠯ ᠥᠪᠥᠷ ᠮᠣᠩᠭᠤᠯ ᠤᠨ ᠬᠤᠪᠣᠷ ᠨᠠᠨᠳᠢᠨ ᠡᠬᠢ ᠪᠠᠶᠠᠯᠢᠭ ᠪᠠ ᠣᠨᠴᠠᠯᠢᠭᠲᠤ ᠠᠵᠤ ᠦᠶᠯᠡᠰ ᠮᠥᠨ᠂ ᠸᠠᠩ ᠴᠧᠨ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠪᠠ ᠶᠦᠨ ᠱᠧᠩ ᠴᠢᠩᠭ᠎ᠠ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠬᠤᠪᠣᠷ ᠰᠢᠷᠣᠶ ᠶᠢᠨ ᠰᠤᠳᠤᠯᠭᠠᠨ ᠪᠠ ᠶᠡᠷᠦᠩᠬᠡᠶᠢᠯᠡᠨ ᠠᠰᠢᠭᠯᠠᠬᠤ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠶᠯᠡᠳᠪᠦᠷᠢᠯᠡᠯ ᠤᠨ ᠪᠠᠶᠢᠳᠠᠯ ᠢ ᠲᠣᠰ ᠲᠣᠰ ᠰᠢᠨᠵᠢᠯᠡᠨ ᠪᠠᠶᠢᠴᠠᠭᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠬᠤᠪᠣᠷ ᠰᠢᠷᠣᠶ ᠶᠢᠨ ᠡᠬᠢ ᠪᠠᠶᠠᠯᠢᠭ ᠢ ᠰᠠᠶᠢᠲᠤᠷ ᠬᠠᠮᠠᠭᠠᠯᠠᠵᠤ ᠰᠠᠶᠢᠲᠤᠷ ᠠᠰᠢᠭᠯᠠᠬᠤ ᠶᠢ ᠬᠦᠰᠡᠪᠡ᠃       ᠸᠠᠩ ᠴᠧᠨ᠂ ᠥᠪᠥᠷ ᠮᠣᠩᠭᠤᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠦᠬᠦ ᠲᠠᠯ᠎ᠠ ᠪᠠᠷ ᠴᠣᠭᠴᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠳᠡᠭᠲᠡᠷ ᠲᠤ ᠭᠠᠷᠪᠠ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠬᠥᠭᠵᠢᠯᠲᠡ ᠶᠢᠨ ᠪᠦᠬᠦ ᠶᠠᠪᠤᠴᠠ ᠪᠣᠯᠤᠨ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠴᠦᠬᠡᠨ ᠴᠦ ᠰᠤᠯᠠᠷᠠᠭᠤᠯᠤᠯ ᠦᠭᠡᠢ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ︽ᠤᠯᠤᠰ ᠤᠨ ᠶᠡᠭᠡ ᠶᠠᠪᠤᠳᠠᠯ︾ ᠢ ᠬᠡᠭᠦᠳᠡᠭ ᠴᠡᠭᠡᠵᠢᠨ ᠳᠡᠭᠡᠨ ᠠᠬᠤᠭᠤᠯᠵᠦ᠂ ᠬᠠᠤᠯᠢᠵᠢᠯ ᠤᠨ ᠬᠦᠲᠦᠯᠦᠨ ᠳᠠᠭᠠᠭᠤᠯᠬᠤ᠂ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠰᠠᠶᠢᠲᠤᠷ ᠠᠳᠬᠤᠵᠤ᠂ ᠲᠡᠷᠢᠭᠦᠨ ᠤ ᠦᠢᠯᠡᠳᠬᠦ ᠦᠢᠯᠡᠰ ᠢ ᠶᠡᠭᠡ ᠪᠠᠷ ᠬᠥᠭᠵᠢᠭᠦᠯᠵᠦ᠂ ᠰᠠᠯᠬᠢᠨ ᠤ ᠡᠨᠧᠷᠭᠢ᠂ ᠭᠡᠷᠡᠯᠴᠢ ᠴᠡᠨᠡᠭ᠂ ᠰᠢᠨ᠎ᠡ ᠮᠠᠲ᠋ᠧᠷᠢᠶᠠᠯ ᠵᠡᠷᠭᠡ ᠳᠠᠪᠠᠭᠤᠯᠢᠭ ᠠᠵᠤ ᠦᠢᠯᠡᠰ ᠢ ᠲᠦᠷᠭᠡᠳᠭᠡᠨ ᠪᠤᠵᠠᠭᠠᠶᠢᠷᠠᠭᠤᠯᠬᠤ ᠬᠡᠷᠡᠭᠲᠡᠢ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠬᠠᠤᠯᠢ ᠶᠣᠰᠣᠭᠠᠷ ᠴᠢᠩᠭᠠᠳᠬᠠᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃       ᠸᠠᠩ ᠴᠧᠨ ᠪᠠᠰᠠ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠪᠤᠭᠤᠲᠤ ᠬᠤᠳᠠ ᠶᠢᠨ ᠬᠦᠨᠳᠡᠯᠡᠨ ᠦᠢᠯᠡᠳᠪᠦᠷᠢᠴᠢᠨ ᠤ ᠵᠠᠮ ᠤᠨ ᠵᠡᠭᠡᠯᠢ ᠭᠤᠳᠤᠮᠵᠢ ᠳᠤ ᠬᠦᠷᠴᠦ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠪᠣᠯᠭᠤᠭᠠᠨ ᠦᠵᠡᠪᠡ᠃ ᠲᠡᠷᠡ᠂ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠪᠣᠯᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠨᠤᠲᠤᠭ ᠪᠡᠯᠴᠢᠭᠡᠷ ᠢ ᠬᠠᠮᠠᠭᠠᠯᠠᠬᠤ ᠵᠡᠷᠭᠡ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ᠂ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ ᠶᠢᠨ ᠠᠵᠢᠯ ᠢ ᠪᠦᠲᠦᠭᠡᠯᠴᠢ ᠴᠢᠨᠠᠷᠲᠠᠶ ᠪᠠᠷ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠬᠦᠴᠦᠲᠡᠶ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
3.jpg
      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ