4 ᠰᠠᠷ᠎ᠠ ᠶᠢᠨ 27 ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠣᠷᠤᠨ ᠤ | ᠲᠡᠷᠢᠭᠦᠯᠡᠭᠴᠢ ᠸᠠᠩ ᠯᠢ ᠰᠢᠶᠠ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠠᠶᠢᠴᠠᠭᠠᠨ ᠰᠣᠳᠤᠯᠤᠯᠲᠠ ᠬᠢᠬᠦ ᠳᠡᠭᠡᠨ᠂ ᠡᠷᠬᠡᠪᠰᠢ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠤᠯᠤᠰ ᠤᠨ ᠨᠤᠲᠤᠭ ᠳᠡᠪᠢᠰᠭᠡᠷ ᠤᠨ ᠣᠷᠤᠨ ᠵᠠᠢ ᠶᠢ ᠨᠡᠭᠡᠭᠡᠨ | ᠬᠦᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | | | | | | | | | ᠸᠠᠩ ᠯᠢ ᠰᠢᠶᠠ ᠦᠪᠦᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠮᠤ ᠳ᠋ᠠᠶᠢᠲ᠋ᠠ ᠪᠣᠯᠤᠨ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ | ᠲᠥᠯᠥᠪᠵᠢᠭᠦᠯᠭᠡ ᠶᠢ ᠨᠠᠷᠢᠨ ᠣᠶᠢᠯᠠᠭᠠᠵᠤ᠂ ᠥᠪᠥᠷ ᠮᠣᠩᠭᠤᠯ ᠤᠨ ᠨᠢᠭᠡᠳᠦᠭᠡᠷ ᠨᠤᠮᠧᠷᠲᠤ ᠳᠠᠭᠠᠭᠤᠯᠢ ᠤᠳᠤᠨ ᠤ ᠬᠡᠷᠡᠭᠯᠡᠭᠡᠨ ᠤ ᠠᠬᠤᠢ ᠲᠠᠯᠠᠪᠠᠢ ᠶᠢᠨ | ᠲᠠᠨᠢᠯᠴᠠᠭᠤᠯᠭ᠎ᠠ ᠶᠢ ᠰᠣᠨᠣᠰᠪᠠ᠃ ᠪᠦᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠠᠷᠬᠠᠯᠲᠠ ᠶᠢᠨ ᠵᠢᠷᠤᠭ ᠤᠨ ᠡᠮᠦᠨ᠎ᠡ ᠵᠤᠭᠰᠤᠵᠤ᠂ ᠸᠠᠩ ᠯᠢ ᠰᠢᠶᠠ | ᠬᠤᠯᠪᠣᠭᠳᠠᠯ ᠪᠦᠬᠦᠢ ᠪᠠᠶᠢᠳᠠᠯ ᠢ ᠨᠠᠷᠢᠨ ᠬᠢᠨᠠᠮᠠᠭᠠᠢ ᠰᠣᠨᠣᠰᠪᠠ᠃ ᠳᠠᠷᠠᠭ᠎ᠠ ᠨᠢ᠂ ᠸᠠᠩ ᠯᠢ ᠰᠢᠶᠠ ᠪᠠᠶᠢᠭᠠᠯᠢ ᠶᠢᠨ ᠮᠦᠽᠧᠢ ᠳᠤ ᠬᠦᠷᠴᠦ᠂ ᠮᠦᠽᠧᠢ ᠶᠢᠨ | ᠬᠠᠳᠠᠭᠠᠯᠠᠯᠲᠠ ᠶᠢᠨ ᠲᠡᠯᠭᠡᠨ ᠦᠵᠡᠭᠦᠯᠭᠡ ᠪᠠᠷ ᠳᠠᠮᠵᠢᠭᠤᠯᠤᠨ ᠥᠪᠥᠷ ᠮᠣᠩᠭᠤᠯ ᠤᠨ ᠤᠯᠤᠰ ᠤᠨ ᠨᠤᠲᠤᠭ ᠳᠡᠪᠢᠰᠭᠡᠷ ᠡᠬᠢ ᠪᠠᠶᠠᠯᠢᠭ ᠤᠨ ᠦᠨᠳᠦᠰᠦᠨ ᠪᠠᠶᠢᠳᠠᠯ ᠢ | ᠨᠠᠷᠢᠨ ᠣᠶᠢᠯᠠᠭᠠᠪᠠ᠃ ᠲᠡᠷᠡ᠂ ᠥᠪᠥᠷ ᠮᠣᠩᠭᠤᠯ ᠤᠨ ᠪᠠᠶᠢᠭᠠᠯᠢ ᠪᠣᠯᠤᠨ ᠠᠮᠢ ᠠᠬᠤᠢ ᠶᠢᠨ ᠡᠬᠢ ᠪᠠᠶᠠᠯᠢᠭ ᠮᠠᠰᠢ ᠡᠯᠪᠡᠭ ᠶᠤᠮ᠂ ᠡᠷᠬᠡᠪᠰᠢ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠴᠢᠩᠭ᠎ᠠ ᠠᠳᠬᠤᠵᠤ᠂ | ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ | ᠲᠠᠯ᠎ᠠ ᠪᠠᠷ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠷ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠦᠭᠵᠢᠯᠳᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠠᠭᠤᠯᠠ ᠤᠰᠤ ᠤᠢ | ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠲᠠᠯ᠎ᠠ ᠨᠤᠲᠤᠭ᠂ ᠤᠢ | ᠰᠢᠭᠤᠢ᠂ ᠭᠤᠣᠯ ᠮᠦᠷᠡᠨ ᠨᠠᠭᠤᠷ ᠪᠦᠷᠢᠳᠦ᠂ ᠨᠤᠭᠤ ᠭᠠᠵᠠᠷ ᠢ ᠦᠨᠡᠨ ᠬᠦ ᠰᠠᠶᠢᠲᠤᠷ ᠬᠠᠮᠠᠭᠠᠯᠠᠵᠤ᠂ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠭᠡᠵᠦ | ᠠᠵᠤ ᠠᠬᠤᠢ ᠶᠢᠨ ᠪᠦᠲᠦᠴᠡ ᠶᠢᠨ ᠲᠤᠬᠢᠷᠠᠭᠤᠯᠤᠯᠳᠠ ᠪᠣᠯᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠠᠮᠢ ᠠᠬᠤᠢ ᠶᠢ ᠵᠠᠰᠠᠨ ᠰᠡᠷᠭᠦᠭᠡᠬᠦ ᠭᠤᠣᠯᠳᠠᠯᠭ᠎ᠠ ᠲᠠᠢ | ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠥᠪᠥᠷ ᠮᠣᠩᠭᠤᠯ ᠤᠨ | ᠡᠨᠡ ᠬᠦ ᠨᠣᠮᠢᠨ ᠨᠣᠭᠤᠭᠠᠨ᠂ ᠡᠨᠡ ᠬᠦ ᠬᠥᠬᠡᠮᠳᠦᠭ ᠨᠣᠭᠤᠭᠠᠨ᠂ ᠡᠨᠡ ᠬᠦ ᠠᠷᠢᠭᠤᠨ ᠴᠡᠪᠡᠷ ᠢ ᠡᠷᠡᠰ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠵᠠᠢ | ᠃ | | | | | ᠦᠪᠡᠷᠲᠡᠭᠡᠨ ᠵᠠᠰᠠᠬᠤ ᠣᠷᠤᠨ ᠤ ᠳᠡᠳ᠋ ᠲᠡᠷᠢᠭᠦᠯᠡᠭᠴᠢ ᠵᠠᠩ ᠱᠣᠣ ᠴᠦᠨ ᠬᠠᠮᠲᠤ ᠪᠠᠶᠢᠴᠠᠭᠠᠨ ᠰᠣᠳᠤᠯᠤᠯᠲᠠ ᠬᠢᠪᠡ᠃ |