ᠰᠢ ᠶᠢᠨ ᠫᠢᠩ ᠠᠩᠬᠠᠳᠤᠭᠠᠷ ᠬᠤᠭᠤᠴᠠᠭᠠᠨ ᠤ ᠲᠤᠮᠤ ᠤᠯᠤᠰ ᠤᠨ ᠤᠷᠠᠨ ᠲᠠᠷᠬᠠᠨ ᠤ ᠰᠢᠨ᠎ᠡ ᠶᠢ ᠡᠭᠦᠳᠬᠦ ᠰᠣᠯᠢᠯᠴᠠᠭᠠᠨ ᠤ ᠶᠡᠭᠡ ᠬᠤᠷᠠᠯ ᠬᠤᠷᠠᠯᠳᠤᠭᠰᠠᠨ ᠳᠤ ᠵᠠᠬᠢᠳᠠᠯ ᠢᠯᠡᠭᠡᠵᠦ ᠪᠠᠶᠠᠷ ᠬᠦᠷᠭᠡᠪᠡ
ᠨᠡᠶᠢᠲᠡᠯᠡᠭᠰᠡᠨ ᠴᠠᠭ᠄
2022/4/28

      ᠰᠢ ᠶᠢᠨ ᠫᠢᠩ ᠠᠩᠬᠠᠳᠤᠭᠠᠷ ᠬᠤᠭᠤᠴᠠᠭᠠᠨ ᠤ ᠲᠤᠮᠤ ᠤᠯᠤᠰ ᠤᠨ ᠤᠷᠠᠨ ᠲᠠᠷᠬᠠᠨ ᠤ ᠰᠢᠨ᠎ᠡ ᠶᠢ ᠡᠭᠦᠳᠬᠦ ᠰᠣᠯᠢᠯᠴᠠᠭᠠᠨ ᠤ ᠶᠡᠭᠡ ᠬᠤᠷᠠᠯ ᠬᠤᠷᠠᠯᠳᠤᠭᠰᠠᠨ ᠳᠤ ᠵᠠᠬᠢᠳᠠᠯ ᠢᠯᠡᠭᠡᠵᠦ ᠪᠠᠶᠠᠷ ᠬᠦᠷᠭᠡᠬᠦ ᠳᠡᠭᠡᠨ ᠴᠢᠬᠤᠯᠠᠴᠢᠯᠠᠭᠰᠠᠨ ᠨᠢ
      ᠰᠢᠷᠭᠠᠭᠤ ᠰᠤᠷᠤᠯᠴᠠᠨ ᠬᠠᠳᠠᠭᠤᠵᠢᠯᠲᠠᠢ ᠪᠤᠯᠪᠠᠰᠤᠷᠠᠵᠤ ᠭᠦᠨᠵᠡᠭᠡᠶ ᠰᠤᠳᠤᠯᠵᠤ ᠵᠣᠷᠢᠭᠲᠠᠶ ᠪᠠᠷ ᠰᠢᠨ᠎ᠡ ᠶᠢ ᠡᠭᠦᠳᠴᠦ ᠵᠣᠷᠢᠭᠲᠠᠶ ᠪᠠᠷ ᠲᠦᠷᠦᠭᠦᠯᠡᠨ ᠬᠢᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠦᠢᠯᠡᠳᠭᠡᠯ ᠤᠨ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ
      ︽5·1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ ᠥᠷᠭᠡᠨ ᠤᠯᠠᠨ ᠤᠷ᠎ᠠ ᠮᠡᠷᠬᠡᠵᠢᠯ ᠤᠨ ᠴᠢᠳᠠᠪᠤᠷᠢᠲᠠᠨ ᠪᠣᠯᠤᠨ ᠬᠥᠳᠡᠯᠮᠦᠷᠢ ᠶᠢᠨ ᠵᠢᠱᠢᠶᠡᠴᠢ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ ᠥᠷᠭᠡᠨ ᠤᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ


      ᠰᠢᠨᠬᠤᠸᠠ ᠬᠤᠷᠢᠶᠠᠨ ᠤ ᠪᠡᠭᠡᠵᠢᠩ ᠤᠨ 4 ᠰᠠᠷ᠎ᠠ ᠶᠢᠨ 27 ᠤ ᠴᠠᠬᠢᠯᠭᠠᠨ ᠮᠡᠳᠡᠭᠡ  ᠠᠩᠬᠠᠳᠤᠭᠠᠷ ᠬᠤᠭᠤᠴᠠᠭᠠᠨ ᠤ ᠲᠤᠮᠤ ᠤᠯᠤᠰ ᠤᠨ ᠤᠷᠠᠨ ᠳᠠᠷᠬᠠᠨ ᠤ ᠰᠢᠨ᠎ᠡ ᠶᠢ ᠡᠭᠦᠳᠬᠦ ᠰᠣᠯᠢᠯᠴᠠᠭᠠᠨ ᠤ ᠶᠡᠭᠡ ᠬᠤᠷᠠᠯ 27 ᠤ ᠦᠳᠡ ᠶᠢᠨ ᠡᠮᠦᠨ᠎ᠡ ᠪᠡᠭᠡᠵᠢᠩ ᠳᠤ ᠡᠬᠢᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠭᠰᠡᠨ ᠪᠥᠭᠡᠳ ︽5·1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠡᠮᠦᠨ᠎ᠡ ᠠᠴᠠ ᠥᠷᠭᠡᠨ ᠤᠯᠠᠨ ᠤᠷ᠎ᠠ ᠮᠡᠷᠬᠡᠵᠢᠯ ᠤᠨ ᠴᠢᠳᠠᠪᠤᠷᠢᠲᠠᠨ ᠪᠣᠯᠤᠨ ᠬᠥᠳᠡᠯᠮᠦᠷᠢ ᠶᠢᠨ ᠵᠢᠱᠢᠶᠡᠴᠢ ᠳᠤ ᠴᠢᠩ ᠰᠡᠳᠭᠢᠯ ᠤᠨ ᠮᠡᠨᠳᠦᠴᠢᠯᠡᠯ ᠳᠡᠪᠰᠢᠭᠦᠯᠵᠦ᠂ ᠥᠷᠭᠡᠨ ᠤᠯᠠᠨ ᠬᠥᠳᠡᠯᠮᠦᠷᠢᠴᠢᠨ ᠲᠦᠮᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃
      ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠮᠡᠷᠭᠡᠵᠢᠯ ᠤᠨ ᠠᠵᠢᠯᠴᠢᠨ ᠤ ᠡᠩᠨᠡᠭᠡ ᠪᠣᠯ ᠳᠤᠮᠳᠠᠳᠤ ᠤᠯᠤᠰ ᠤᠨ ᠦᠢᠯᠡᠳᠭᠡᠯ᠂ ᠳᠤᠮᠳᠠᠳᠤ ᠤᠯᠤᠰ ᠤᠨ ᠡᠭᠦᠳᠦᠨ ᠪᠦᠲᠦᠭᠡᠯᠲᠡ ᠶᠢ ᠲᠤᠯᠭᠠᠭᠤᠷᠢᠯᠠᠬᠤ ᠴᠢᠬᠤᠯᠠ ᠬᠦᠴᠦᠨ ᠮᠥᠨ᠃ ᠮᠠᠨ ᠤ ᠤᠯᠤᠰ ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠣᠳᠣᠬᠠᠨ ᠤ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠶᠯᠡᠰ ᠤᠨ ᠬᠤᠪᠢᠰᠤᠯᠲᠠ ᠶᠢᠨ ᠬᠡᠷᠡᠭᠴᠡᠭᠡ ᠳᠤ ᠵᠣᠬᠢᠴᠠᠵᠤ᠂ ᠰᠢᠷᠭᠠᠭᠤ ᠰᠤᠷᠤᠯᠴᠠᠨ ᠬᠠᠳᠠᠭᠤᠵᠢᠯᠲᠠᠢ ᠪᠣᠯᠪᠠᠰᠤᠷᠠᠵᠤ᠂ ᠭᠦᠨᠵᠡᠭᠡᠶ ᠰᠤᠳᠤᠯᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠵᠣᠷᠢᠭᠲᠠᠶ ᠪᠠᠷ ᠲᠦᠷᠦᠭᠦᠯᠡᠨ ᠬᠢᠵᠦ᠂ ᠮᠡᠷᠭᠡᠵᠢᠯ ᠤᠷ᠎ᠠ ᠴᠢᠳᠠᠪᠤᠷᠢ ᠶᠢᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠦᠶᠯᠡᠳᠬᠡᠯ ᠤᠨ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠣᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠡᠷᠭᠡᠵᠢᠯ ᠤᠨ ᠠᠵᠢᠯᠴᠢᠨ ᠤ ᠡᠩᠨᠡᠭᠡ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠲᠡᠳᠡᠨ ᠤ ᠰᠢᠨ᠎ᠡ ᠶᠢ ᠡᠭᠦᠳᠬᠦ ᠠᠪᠢᠶᠠᠰ ᠴᠢᠳᠠᠪᠤᠷᠢ ᠶᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠭᠰᠡᠨ ᠪᠥᠭᠡᠳ ᠶᠠᠷᠢᠶ᠎ᠠ ᠲᠠᠯᠪᠢᠪᠠ᠃
      ᠠᠩᠬᠠᠳᠤᠭᠠᠷ ᠬᠤᠭᠤᠴᠠᠭᠠᠨ ᠤ ᠲᠣᠮᠣ ᠤᠯᠤᠰ ᠤᠨ ᠤᠷᠠᠨ ᠳᠠᠷᠬᠠᠨ ᠤ ᠰᠢᠨ᠎ᠡ ᠶᠢ ᠡᠭᠦᠳᠬᠦ ᠰᠣᠯᠢᠯᠴᠠᠭᠠᠨ ᠤ ᠶᠡᠭᠡ ᠬᠤᠷᠠᠯ ᠢ ᠳᠤᠮᠳᠠᠳᠤ ᠶᠢᠨ ᠪᠥᠬᠦ ᠤᠯᠤᠰ ᠤᠨ ᠠᠵᠢᠯᠴᠢᠨ ᠤ ᠶᠡᠷᠦᠩᠬᠡᠶ ᠡᠪᠯᠡᠯ ᠠᠴᠠ ᠭᠤᠤᠯᠯᠠᠨ ᠡᠷᠭᠢᠯᠡᠵᠦ᠂ ︽ᠤᠷ᠎ᠠ ᠴᠢᠳᠠᠪᠦᠷᠢ ᠶᠢᠨ ᠬᠦᠴᠦᠷᠬᠡᠭ ᠤᠯᠤᠰ᠂ ᠰᠢᠨ᠎ᠡ ᠶᠢ ᠡᠭᠦᠳᠬᠦ ᠳᠤ ᠪᠢ ᠪᠠᠶᠢᠨ᠎ᠠ︾ ᠬᠡᠬᠦ ᠭᠤᠤᠯ ᠰᠡᠳᠦᠪ ᠢ ᠲᠤᠬᠳᠠᠭᠠᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠳᠤ ᠶᠠᠪᠤᠬᠳᠠᠬᠤ ᠬᠡᠯᠪᠡᠷᠢ ᠪᠠᠷ ᠲᠣᠮᠣ ᠤᠯᠤᠰ ᠤᠨ ᠤᠷᠠᠨ ᠳᠠᠷᠬᠠᠨ ᠢᠶᠠᠷ ᠲᠥᠯᠥᠭᠡᠯᠡᠭᠦᠯᠦᠭᠰᠡᠨ ᠥᠷᠭᠡᠨ ᠣᠯᠠᠨ ᠠᠵᠢᠯᠲᠠᠨ ᠠᠵᠢᠯᠴᠢᠨ ᠤ ᠨᠢᠬᠳᠠ ᠴᠢᠩᠭ᠎ᠠ ᠤᠷ᠎ᠠ ᠴᠢᠳᠠᠪᠤᠷᠢ ᠪᠠ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠥᠷᠭᠡᠨ ᠣᠯᠠᠨ ᠳᠡᠭᠡᠳᠦ ᠲᠡᠰ ᠤᠨ ᠤᠷ᠎ᠠ ᠮᠡᠷᠬᠡᠵᠢᠯ ᠤᠨ ᠴᠢᠳᠠᠪᠤᠷᠢᠲᠠᠨ ᠳᠤ ᠰᠣᠯᠢᠯᠴᠠᠭᠠᠨ ᠤ ᠲᠠᠪᠴᠠᠩ ᠬᠠᠩᠭᠠᠵᠤ ᠥᠭᠴᠡᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ