ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠤᠯᠪᠣᠭᠳᠠᠯ ᠪᠦᠬᠦᠢ ᠲᠥᠪ ᠤᠨ ᠠᠵᠤ ᠠᠬᠤᠶᠢᠯᠠᠯ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠳᠤᠬᠢᠷᠠᠯᠴᠠᠪᠠ
ᠨᠡᠶᠢᠲᠡᠯᠡᠭᠰᠡᠨ ᠴᠠᠭ᠄
2022/4/29
      4 ᠰᠠᠷ᠎ᠠ ᠶᠢᠨ 28 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠥᠬᠡᠬᠤᠲᠠ ᠳᠤ ᠬᠤᠯᠪᠣᠭᠳᠠᠯ ᠪᠦᠬᠦᠢ ᠲᠥᠪ ᠤᠨ ᠠᠵᠤ ᠠᠬᠤᠶᠢᠯᠠᠯ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠠᠷᠢᠶ᠎ᠠ ᠲᠠᠯᠪᠢᠭᠰᠠᠨ ᠪᠥᠭᠡᠳ ᠭᠠᠷ ᠤᠨ ᠦᠰᠦᠭ ᠵᠢᠷᠤᠬᠤ ᠶᠢ ᠭᠡᠷᠡᠴᠢᠯᠡᠪᠡ᠃       ᠸᠠᠩ ᠯᠢ ᠰᠢᠶᠠ ᠶᠠᠷᠢᠶᠠᠨ ᠳᠠᠭᠠᠨ ᠬᠤᠶᠠᠷ ᠲᠠᠯ᠎ᠠ ᠶᠢᠨ ᠤᠷᠳᠤ ᠬᠤᠭᠤᠴᠠᠭᠠᠨ ᠤ ᠲᠤᠷᠰᠢᠬᠢ ᠬᠠᠮᠲᠤᠷᠠᠯᠴᠠᠭ᠎ᠠ ᠪᠠᠷ ᠲᠠᠮᠵᠢᠨ ᠣᠯᠤᠭᠰᠠᠨ ᠦᠷ᠎ᠡ ᠪᠦᠲᠦᠮᠵᠢ ᠶᠢ ᠨᠤᠲᠠᠯᠠᠵᠤ ᠪᠠᠶᠢᠬᠤ ᠪᠠᠨ ᠢᠯᠡᠳᠭᠡᠵᠦ᠂ ᠲᠥᠪ ᠤᠨ ᠡᠯ᠎ᠡ ᠠᠵᠤ ᠠᠬᠤᠶᠢᠯᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠪᠠᠷ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠴᠢᠩ ᠰᠡᠳᠭᠢᠯ ᠤᠨ ᠬᠦᠰᠡᠯ ᠨᠠᠶᠢᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠣᠰᠣᠭᠠᠷ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠣᠯᠤᠨ ︽ᠨᠢᠭᠡ ᠪᠠᠬᠢᠯᠡᠯᠲᠡ︾ ᠶᠢ ᠰᠠᠶᠢᠲᠤᠷ ᠪᠥᠲᠥᠭᠡᠨ ᠪᠠᠶᠢᠭᠤᠯᠬᠤ ᠪᠣᠯ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤ ᠶᠢᠨ ᠤᠯᠤᠰ ᠲᠥᠷᠥ ᠶᠢᠨ ᠬᠠᠷᠢᠭᠤᠴᠠᠯᠭ᠎ᠠ ᠪᠣᠯᠤᠨ᠎ᠠ᠃ ᠥᠪᠥᠷ ᠮᠣᠩᠭᠤᠯ ᠶᠠᠭ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠵᠠᠮᠨᠠᠵᠤ ᠪᠣᠶ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠰᠠᠭᠤᠷᠢᠨ ᠢ ᠪᠥᠲᠥᠭᠡᠨ ᠪᠠᠶᠢᠭᠤᠯᠬᠤ᠂ ᠲᠣᠨᠣᠭᠯᠠᠯ ᠦᠶᠯᠡᠳᠬᠦ ᠦᠶᠯᠡᠰ ᠤᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠥᠷᠥᠯ ᠵᠦᠶᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠬᠠᠮᠲᠤ ᠪᠠᠷ ᠴᠢᠷᠮᠠᠶᠢᠨ ᠠᠬᠢᠭᠤᠯᠵᠤ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃       ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠥᠯᠥᠭᠡᠯᠡᠨ ᠲᠣᠰ ᠲᠣᠰ ᠳᠤᠮᠳᠠᠳᠤ ᠤᠯᠤᠰ ᠤᠨ ᠴᠥᠮ᠎ᠡ ᠶᠢᠨ ᠠᠵᠤ ᠦᠶᠯᠡᠳᠪᠦᠷᠢ ᠶᠢᠨ ᠪᠦᠯᠦᠭᠯᠡᠯ᠂ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠠᠵᠤ ᠦᠶᠯᠡᠳᠪᠦᠷᠢ ᠶᠢᠨ ᠪᠦᠯᠦᠭᠯᠡᠯ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠶᠯᠡᠳᠪᠦᠷᠢ ᠶᠢᠨ ᠪᠦᠯᠦᠭᠯᠡᠯ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ᠂ ᠬᠤᠸᠠ ᠷᠦᠨ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ᠃       ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠭᠠᠷ ᠤᠨ ᠥᠰᠥᠭ ᠵᠢᠷᠤᠬᠤ ᠶᠣᠰᠣᠯᠠᠯ ᠢ ᠡᠷᠭᠢᠯᠡᠵᠦ᠂ ᠳᠤᠮᠳᠠᠳᠤ ᠤᠯᠤᠰ ᠤᠨ ᠴᠥᠮ᠎ᠡ ᠶᠢᠨ ᠠᠵᠤ ᠦᠶᠯᠡᠳᠪᠦᠷᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠢᠤᠢ ᠵᠢᠶᠠᠨ ᠹᠧᠩ᠂ ᠳᠤᠮᠳᠠᠳᠤ ᠤᠯᠤᠰ ᠤᠨ ᠴᠡᠷᠢᠭ ᠤᠨ ᠵᠡᠪᠰᠡᠭ ᠤᠨ ᠠᠵᠤ ᠦᠶᠯᠡᠳᠪᠦᠷᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠢᠶᠤᠤ ᠺᠠᠶ ᠾᠧ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠶᠯᠡᠳᠪᠦᠷᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠮᠠ ᠶᠦᠩ ᠱᠧᠩ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠢᠶᠠᠨ ᡁᠢ ᠮᠢᠨ᠂ ᠬᠤᠸᠠ ᠷᠦᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠰᠢᠶᠠᠩ ᠮᠢᠩ ᠠᠵᠢᠯᠯᠠᠭ᠎ᠠ ᠳᠤ ᠣᠷᠣᠯᠴᠠᠵᠠᠶ᠃       ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠠᠶᠢᠮᠠᠭ ᠬᠤᠲᠠ ᠶᠢᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ