ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/4/29
      4 ᠰᠠᠷ᠎ᠠ ᠶᠢᠨ 28 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 3 ᠨᠡᠮᠡᠭᠳᠡᠵᠡᠢ ︵ᠴᠥᠮ ᠬᠥᠯᠥᠨ ᠪᠣᠶᠢᠷ ᠬᠤᠲᠠ ᠳᠤ ᠪᠣᠢ︶᠃      4 ᠰᠠᠷ᠎ᠠ ᠶᠢᠨ 28 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 41 ᠪᠠᠶᠢᠵᠤ᠂ ᠡᠭᠦᠨ ᠳᠤ ᠪᠤᠭᠤᠲᠤ ᠬᠤᠲᠠ ᠳᠤ 3 ᠂ ᠬᠥᠯᠥᠨ ᠪᠣᠶᠢᠷ ᠬᠤᠲᠠ ᠳᠤ 37᠂ ᠤᠯᠠᠭᠠᠨᠬᠠᠳᠠ ᠬᠤᠲᠠ ᠳᠤ 1᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 10 ︵ᠴᠥᠮ ᠬᠥᠬᠡᠬᠤᠲᠠ ᠳᠤ ᠪᠣᠢ︶ ᠪᠠᠶᠢᠨ᠎ᠠ᠃ ᠪᠥᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ