ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2022 ᠣᠨ ᠤ 13 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠪᠠ
ᠨᠡᠶᠢᠲᠡᠯᠡᠭᠰᠡᠨ ᠴᠠᠭ᠄
2022/4/29


      4 ᠰᠠᠷ᠎ᠠ ᠶᠢᠨ 28 ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ︔ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠵᠠᠷᠯᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ᠂ ᠦᠢᠯᠡᠴᠢᠯᠡᠭᠡᠨ ᠤ ᠦᠢᠯᠡᠰ ᠤᠨ ᠬᠦᠴᠢᠷᠳᠡᠯ ᠢ ᠨᠠᠷᠢᠯᠢᠭ ᠤᠨᠤᠪᠴᠢᠲᠠᠢ ᠰᠢᠢᠳᠪᠦᠷᠢᠯᠡᠬᠦ ᠵᠡᠷᠭᠡ ᠵᠦᠢᠯ ᠢ ᠰᠤᠳᠤᠯᠪᠠ᠃
      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠬᠤ ᠳᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠬᠠᠩᠭᠠᠪᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ 2019 ᠣᠨ ᠳᠤ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠳᠤ ᠣᠲᠣ ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠲᠤᠤᠷ ᠰᠦᠯᠵᠢᠶᠡᠨ ᠤ ᠰᠢᠰᠲ᠋ᠧᠮ ᠢ ᠪᠥᠲᠥᠭᠡᠨ ᠪᠠᠶᠢᠭᠤᠯᠬᠤ ᠲᠤᠬᠠᠶ ᠳᠤᠷᠠᠳᠤᠭᠰᠠᠨ ᠴᠢᠬᠤᠯᠠ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠮᠠᠨ ᠤ ᠣᠷᠣᠨ ᠤ ᠪᠣᠳᠠᠲᠠᠶ ᠲᠠᠢ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠨᠥᠬᠦᠪᠥᠷᠢᠯᠡᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢ ᠪᠠᠶᠢᠭᠤᠯᠬᠤ ᠬᠠᠷᠢᠭᠤᠴᠠᠯᠭᠠᠲᠤ ᠰᠡᠳᠭᠢᠯᠭᠡ ᠪᠠ ᠲᠤᠯᠭᠠᠮ ᠪᠣᠳᠣᠯ ᠢᠶᠠᠨ ᠦᠨᠡᠨ ᠬᠦ ᠴᠢᠩᠭᠠᠳᠬᠠᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠲᠤᠤᠷ ᠰᠦᠯᠵᠢᠶᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠬᠥᠮᠦᠨ ᠠᠮᠠ ᠶᠢᠨ ᠨᠠᠭᠠᠰᠢ ᠴᠠᠭᠠᠰᠢ ᠶᠠᠪᠤᠵᠤ ᠰᠠᠭᠤᠬᠤ ᠪᠠ ᠪᠠᠷᠠᠭᠠᠨ ᠤ ᠭᠦᠶᠯᠭᠡᠭᠡ ᠮᠡᠳᠡᠭᠡ ᠵᠠᠩᠭᠢ ᠶᠢᠨ ᠭᠦᠶᠯᠭᠡᠭᠡ ᠶᠢ ᠰᠢᠯᠤᠭᠤᠳᠬᠠᠬᠤ ᠬᠡᠷᠡᠭᠲᠡᠶ᠃ ᠰᠢᠰᠲ᠋ᠧᠮ ᠲᠠᠢ ᠲᠥᠯᠥᠪᠵᠢᠭᠦᠯᠬᠦ᠂ ᠪᠦᠬᠦᠯᠢ ᠴᠣᠭᠴᠠ ᠪᠠᠷ ᠬᠠᠮᠵᠢᠯᠴᠠᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠵᠤ᠂ ᠣᠳᠣᠬᠠᠨ ᠤ ᠪᠠ ᠠᠯᠤᠰ ᠬᠡᠳᠦ ᠶᠢᠨ᠂ ᠨᠢᠭᠡ ᠣᠷᠣᠨ ᠪᠦᠰᠡ ᠶᠢᠨ ᠪᠠ ᠪᠦᠬᠦ ᠲᠠᠯ᠎ᠠ ᠶᠢᠨ᠂ ᠤᠯᠠᠮᠵᠢᠯᠠᠯᠲᠤ ᠪᠠ ᠰᠢᠨ᠎ᠡ ᠬᠡᠯᠪᠡᠷᠢ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠷᠢᠯᠠᠭᠤᠯᠤᠨ ᠪᠠᠶᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠠᠯᠬᠤᠭ᠎ᠠ ᠶᠢ ᠲᠦᠷᠭᠡᠳᠭᠡᠵᠦ᠂ ᠲᠥᠯᠥᠪᠵᠢᠭᠦᠯᠦᠨ ᠵᠢᠷᠤᠵᠤ ᠲᠥᠯᠥᠪᠯᠡᠬᠦ᠂ ᠲᠦᠷᠦᠯ ᠵᠦᠢᠯ ᠢ ᠠᠬᠢᠭᠤᠯᠬᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠨᠢᠬᠳᠠ ᠠᠩᠬᠠᠷᠴᠤ᠂ ᠰᠠᠭᠤᠷᠢ ᠲᠥᠬᠦᠭᠡᠷᠦᠮᠵᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
      ᠬᠤᠷᠠᠯ ᠠᠴᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠵᠠᠷᠯᠡᠨ ᠨᠠᠶᠢᠳᠠᠯᠡᠭᠰᠡᠨ ᠬᠡᠰᠢᠭᠲᠡᠨ ᠬᠤᠰᠢᠭᠤᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠢ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠭᠰᠡᠨ᠂ ᠠᠮᠢ ᠠᠬᠤᠢ ᠶᠢ ᠡᠪᠳᠡᠭᠰᠡᠨ ᠠᠰᠠᠭᠤᠳᠠᠯ ᠤᠨ ᠲᠤᠬᠠᠢ ᠲᠤᠪᠤᠶᠢᠮ᠎ᠠ ᠨᠡᠶᠢᠲᠡᠯᠢᠭ ᠬᠡᠷᠡᠭ ᠤᠨ ᠵᠢᠱᠢᠶ᠎ᠡ ᠶᠢ ᠡᠷᠬᠡᠪᠰᠢ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ ᠰᠢᠢᠳᠪᠦᠷᠢᠯᠡᠬᠦ᠂ ᠤᠯᠤᠰ ᠲᠦᠷᠦ ᠶᠢᠨ ᠲᠠᠯ᠎ᠠ ᠠᠴᠠ ᠰᠠᠶᠢᠵᠢᠷᠠᠭᠤᠯᠬᠤ᠂ ᠲᠡᠰ ᠳᠡᠪᠰᠢᠭᠦᠯᠦᠨ ᠰᠢᠢᠳᠪᠦᠷᠢᠯᠡᠬᠦ᠂ ᠪᠠᠷᠢᠮᠵᠢᠶ᠎ᠠ ᠶᠢ ᠳᠡᠭᠡᠭᠰᠢᠯᠡᠭᠦᠯᠦᠨ ᠰᠢᠢᠳᠪᠦᠷᠢᠯᠡᠬᠦ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠰᠢᠰᠲ᠋ᠧᠮ ᠲᠠᠢ ᠰᠤᠳᠤᠯᠵᠤ᠂ ᠪᠥᠬᠦ ᠣᠷᠣᠨ ᠤ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠪᠥᠬᠦ ᠲᠠᠯ᠎ᠠ ᠪᠠᠷ ᠦᠨᠳᠦᠰᠦᠨ ᠪᠠᠶᠢᠳᠠᠯ ᠢ ᠢᠯᠡᠷᠡᠭᠦᠯᠵᠦ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠠᠮᠢ ᠠᠬᠤᠶ ᠣᠷᠴᠢᠨ ᠲᠣᠭᠤᠷᠢᠨ ᠢ ᠡᠪᠳᠡᠬᠦ ᠶᠠᠮᠠᠷᠪᠠ ᠠᠵᠢᠯᠯᠠᠭ᠎ᠠ ᠶᠢ ᠤᠭᠲᠤ ᠠᠭᠤᠴᠢᠯᠠᠬᠤ ᠦᠭᠡᠢ᠃ ᠡᠷᠴᠢᠮ ᠢᠶᠠᠨ ᠰᠤᠯᠠᠷᠠᠭᠤᠯᠬᠤ ᠥᠬᠡᠶ᠂ ᠬᠦᠴᠦᠯᠡᠴᠡ ᠪᠠᠨ ᠪᠠᠭᠤᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠵᠠᠷᠯᠠᠭᠰᠠᠨ ᠪᠠ ᠰᠢᠯᠵᠢᠭᠦᠯᠦᠨ ᠲᠤᠰᠢᠶᠠᠭᠰᠠᠨ ᠬᠡᠷᠡᠭ ᠪᠣᠯᠭᠠᠨ ᠢ ᠴᠥᠮ ᠴᠢᠩᠭ᠎ᠠ ᠪᠣᠳᠠᠲᠠᠶ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠶᠠᠭᠠᠬᠢᠭᠰᠠᠨ ᠴᠤ ᠬᠠᠰᠢ ᠶᠠᠰᠢ ᠬᠠᠨᠳᠤᠬᠤ ᠥᠬᠡᠶ᠂ ᠶᠠᠭᠠᠬᠢᠭᠰᠠᠨ ᠴᠤ ᠨᠠᠶᠢᠷ ᠲᠠᠯᠪᠢᠵᠤ ᠪᠤᠯᠬᠤ ᠦᠬᠡᠢ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠣᠳᠠᠲᠠᠶ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ᠂ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠨᠢ ᠲᠤᠶᠢᠯ ᠤᠨ ᠴᠢᠬᠤᠯᠠ ᠴᠢᠨᠠᠷ ᠪᠠ ᠪᠣᠳᠠᠲᠤ ᠲᠤᠯᠭᠠᠮ ᠴᠢᠨᠠᠷ ᠲᠠᠢ ᠶᠤᠮ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠶ ᠲᠠᠯ᠎ᠠ ᠪᠠᠨ ᠬᠦᠴᠦᠷᠬᠡᠭᠵᠢᠭᠦᠯᠵᠦ᠂ ᠵᠠᠰᠠᠭ ᠤᠨ ᠣᠷᠳᠣᠨ ᠠᠴᠠ ᠬᠦᠴᠢᠷᠳᠡᠯ ᠢ ᠨᠢ ᠰᠢᠶᠳᠪᠦᠷᠢᠯᠡᠵᠦ ᠬᠠᠪᠰᠤᠷᠤᠨ ᠲᠡᠳᠬᠦᠭᠰᠡᠨ ᠠᠰᠢᠭ ᠲᠤᠰᠠ ᠶᠢ ᠦᠶᠯᠡᠴᠢᠯᠡᠭᠡᠨ ᠤ ᠦᠶᠯᠡᠰ ᠲᠤ ᠳᠠᠷᠤᠶ ᠲᠦᠷᠭᠡᠨ ᠬᠦᠷᠲᠡᠭᠡᠬᠦ ᠬᠡᠷᠡᠭᠲᠡᠶ ᠭᠡᠵᠦ ᠴᠢᠬᠤᠯᠠᠴᠢᠯᠠᠪᠠ᠃
      ᠬᠤᠷᠠᠯ ᠠᠴᠠ ᠪᠠᠰᠠ ︽ᠢᠨᠲ᠋ᠧᠷ ᠰᠦᠯᠵᠢᠶ᠎ᠡ + ᠰᠤᠷᠭᠠᠨ ᠬᠥᠮᠦᠵᠢᠯ︾ ᠤᠨ ᠬᠥᠭᠵᠢᠯᠲᠡ ᠶᠢ ᠠᠬᠢᠭᠤᠯᠬᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠵᠡᠷᠭᠡ ᠪᠤᠰᠤᠳ ᠵᠦᠢᠯ ᠢ ᠰᠤᠳᠤᠯᠵᠠᠢ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ