ᠠᠯᠠᠱᠠ ᠠᠶᠢᠮᠠᠭ 1 ᠳ᠋ᠦ᠋ᠭᠡᠷ ᠲᠣᠭᠠᠲᠤ ᠣᠶ ᠰᠢᠭᠤᠢ ᠶᠢᠨ ᠳᠠᠷᠤᠭ᠎ᠠ ᠶᠢᠨ ᠵᠠᠷᠯᠢᠭ ᠢ ᠨᠡᠶᠢᠲᠡᠯᠡᠵᠦ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠪᠠ
ᠨᠡᠶᠢᠲᠡᠯᠡᠭᠰᠡᠨ ᠴᠠᠭ᠄
2022/4/7

      ᠣᠶᠢᠷ᠎ᠠ ᠳᠤ᠂ ᠠᠯᠠᠱᠠ ᠠᠶᠢᠮᠠᠭ 2022 ᠣᠨ ᠤ 1 ᠳ᠋ᠦ᠋ᠭᠡᠷ ᠲᠣᠭᠠᠲᠤ ᠣᠶ ᠰᠢᠭᠤᠢ ᠶᠢᠨ ᠳᠠᠷᠤᠭ᠎ᠠ ᠶᠢᠨ ᠵᠠᠷᠯᠢᠭ ︱ ︽ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭᠠᠳᠬᠠᠬᠤ ᠲᠤᠬᠠᠢ ᠵᠠᠷᠯᠢᠭ︾ ᠢ ᠵᠢᠩᠬᠢᠨᠢ ᠪᠠᠷ ᠨᠡᠶᠢᠲᠡᠯᠡᠪᠡ᠃ ᠡᠨᠡ ᠪᠣᠯ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠭᠰᠡᠨ ᠠᠴᠠ ᠨᠠᠭᠠᠰᠢ᠂ ᠠᠯᠠᠱᠠ ᠠᠶᠢᠮᠠᠭ ᠤᠨ ᠨᠡᠶᠢᠲᠡᠯᠡᠭᠰᠡᠨ ᠠᠩᠬᠠᠳᠠᠭᠴᠢ ᠣᠶ ᠰᠢᠭᠤᠢ ᠶᠢᠨ ᠳᠠᠷᠤᠭ᠎ᠠ ᠶᠢᠨ ᠵᠠᠷᠯᠢᠭ ᠪᠠᠶᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠤᠯᠤᠰ ᠲᠥᠷᠥ ᠶᠢᠨ ᠥᠨᠳᠥᠷᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠯᠠᠱᠠ ᠠᠶᠢᠮᠠᠭ ᠤᠨ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠳᠤ ᠰᠢᠨ᠎ᠡ ᠰᠠᠭᠤᠷᠢ ᠶᠢ ᠲᠠᠯᠪᠢᠪᠠ᠃

      ᠣᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠲᠤᠯᠭᠠᠮᠳᠠᠭᠤ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠷᠠᠭᠤᠯᠵᠤ᠂ ᠭᠤᠷᠢᠳᠠᠬᠤ ᠪᠣᠳᠣᠯ ᠪᠠ ᠮᠢᠨᠴᠦᠭᠦᠷᠡᠮᠡᠯ ᠦᠵᠡᠯ ᠰᠠᠨᠠᠭ᠎ᠠ ᠶᠢ ᠡᠷᠡᠰ ᠲᠡᠪᠴᠢᠵᠦ᠂ ᠡᠯ᠎ᠡ ᠱᠠᠲᠤ ᠡᠯ᠎ᠡ ᠲᠠᠰ ᠳᠠᠪᠬᠤᠷᠭ᠎ᠠ ᠶᠢᠨ ᠣᠶ ᠰᠢᠭᠤᠢ ᠶᠢᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠷᠢᠨ ᠨᠠᠶᠢᠳᠠᠪᠤᠷᠢᠵᠢᠭᠤᠯᠤᠨ᠂ ᠱᠠᠲᠤ ᠱᠠᠲᠤ ᠪᠠᠷ ᠳᠠᠷᠤᠯᠲᠠ ᠥᠭᠴᠦ᠂ ᠪᠥᠬᠦ ᠬᠥᠮᠥᠰ ᠤᠨ ᠭᠠᠯ ᠢ ᠰᠡᠷᠭᠡᠶᠢᠯᠡᠬᠦ᠂ ᠪᠥᠬᠦ ᠲᠠᠯ᠎ᠠ ᠪᠠᠷ ᠭᠠᠯ ᠢ ᠰᠡᠷᠭᠡᠶᠢᠯᠡᠬᠦ᠂ ᠪᠥᠬᠦ ᠡᠳᠦᠷ ᠢᠶᠠᠷ ᠭᠠᠯ ᠢ ᠰᠡᠷᠭᠡᠶᠢᠯᠡᠬᠦ ᠶᠢ ᠬᠡᠷᠡᠭᠵᠢᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠬᠥᠮᠥᠰ ᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠪᠠ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃

      ᠣᠢ ᠰᠢᠭᠤᠢ ᠶᠢᠨ ᠳᠠᠷᠤᠭ᠎ᠠ ᠶᠢᠨ ᠵᠠᠷᠯᠢᠭ ᠲᠤ ᠱᠠᠭᠠᠷᠳᠠᠭᠰᠠᠨ ᠨᠢ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠠᠯᠠᠱᠠ ᠠᠭᠤᠯᠠ᠂ ᠲᠣᠣᠷᠠᠢ ᠶᠢᠨ ᠤᠢ ᠳᠤ ᠣᠷᠣᠬᠤ ᠪᠣᠭᠤᠮᠲᠠ ᠶᠢ ᠴᠢᠩᠭ᠎ᠠ ᠰᠠᠬᠢᠵᠤ᠂ ᠭᠠᠯ ᠤᠨ ᠡᠬᠢ ᠪᠠ ᠨᠣᠴᠣᠮᠠᠲᠠᠭᠠᠢ ᠪᠣᠳᠠᠰ ᠢ ᠰᠢᠭᠤᠶᠢᠲᠤ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠵᠤ᠂ ᠤᠬᠠᠭᠤᠯᠤᠨ ᠰᠡᠷᠡᠮᠵᠢᠯᠡᠭᠦᠯᠬᠦ᠂ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠪᠠ ᠪᠣᠭᠤᠮᠲᠠ ᠬᠤᠷᠢᠭ᠎ᠠ ᠪᠠᠶᠢᠭᠤᠯᠤᠨ ᠪᠠᠶᠢᠴᠠᠭᠠᠬᠤ ᠶᠢ ᠴᠢᠩᠭᠠᠳᠬᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠ ᠠᠶᠤᠯ ᠠᠴᠠ ᠪᠠᠴᠢᠮ ᠵᠠᠶᠢᠯᠠᠬᠤ ᠵᠡᠷᠭᠡ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠥᠷᠨᠢᠭᠦᠯᠵᠦ᠂ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠨᠢᠭᠡ ᠲᠠᠯ᠎ᠠ ᠶᠢ ᠰᠦᠷᠳᠡᠭᠦᠯᠵᠦ᠂ ︽ᠬᠥᠮᠥᠨ ᠢ ᠰᠡᠷᠭᠡᠶᠢᠯᠡᠵᠦ᠂ ᠭᠠᠯ ᠢ ᠬᠠᠮᠢᠶᠠᠷᠬᠤ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠣᠳᠣᠬᠠᠨ ᠤ ᠪᠠᠶᠢᠳᠠᠯ ᠳᠤ ᠴᠢᠭᠯᠡᠭᠦᠯᠦᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠦᠨ᠂ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠭᠠᠯ ᠤᠨ ᠪᠠᠶᠢᠳᠠᠯ ᠢ ᠡᠷᠲᠡᠬᠡᠨ ᠢᠯᠡᠷᠡᠭᠦᠯᠬᠦ᠂ ᠡᠷᠲᠡᠬᠡᠨ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠬᠥᠮᠥᠨ ᠬᠠᠷ᠎ᠠ ᠦᠬᠦᠵᠦ ᠰᠢᠷᠬᠠᠲᠤᠬᠤ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠳᠠᠷᠤᠶᠢᠬᠠᠨ ᠲᠦᠭᠰᠢᠭᠦᠷᠢ ᠮᠡᠳᠡᠭᠦᠯᠬᠦ 12119 ᠳᠤ ᠤᠲᠠᠰᠤᠳᠠᠬᠤ ᠬᠡᠷᠡᠭᠲᠡᠢ ᠭᠡᠵᠡᠢ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ