ᠱᠠᠩᠬᠠᠢ ᠪᠣᠯᠣᠨ ᠭᠢᠷᠢᠨ ᠤ ᠬᠢᠵᠢᠭ ᠤᠨ ᠪᠠᠶᠢᠳᠠᠯ ᠮᠥᠨ ᠬᠦ ᠨᠡᠮᠡᠭᠳᠡᠯ ᠤᠨ ᠪᠠᠶᠢᠳᠠᠯ ᠳᠤ ᠣᠷᠣᠰᠢᠵᠤ ᠪᠠᠶᠢᠨ᠎ᠠ᠂ ᠭᠤᠷᠪᠠ ᠤᠳᠠᠭ᠎ᠠ ᠶᠢᠨ ᠸᠠᠺᠼᠢᠨ ᠤ ᠲᠠᠷᠢᠯᠭ᠎ᠠ  ᠨᠢ ᠣᠮᠢᠺᠷᠦᠨ ᠳᠤ ᠨᠡᠷᠪᠡᠭᠳᠡᠭᠰᠡᠨ ᠤ ᠳᠠᠷᠠᠭᠠᠬᠢ ᠡᠪᠡᠳᠴᠢᠨ ᠢᠶᠠᠷ ᠦᠬᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ ᠁ ᠡᠷᠬᠡ ᠰᠦᠷᠲᠦ ᠨᠡᠶᠢᠲᠡᠯᠡᠯ︕
ᠨᠡᠶᠢᠲᠡᠯᠡᠭᠰᠡᠨ ᠴᠠᠭ᠄
2022/4/8

      4 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ  ᠬᠤᠯᠪᠣᠭᠠᠯᠠᠨ ᠡᠵᠡᠮᠳᠡᠬᠦ ᠲᠣᠭᠲᠠᠴᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠪᠣᠳᠠᠲᠠᠢ ᠪᠠᠷ ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠂ ᠬᠠᠮᠲᠤ ᠳᠤ ᠪᠠᠨ ᠣᠶᠢᠯᠠᠭᠠᠶ᠎ᠠ︕
      ᠣᠳᠣᠬᠠᠨ ᠳᠤ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠰᠡᠷᠭᠡᠶᠢᠯᠡᠨ ᠡᠵᠡᠮᠳᠡᠬᠦ ᠳᠤ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ
      ᠣᠳᠣᠬᠠᠨ ᠳᠤ᠂ ᠪᠥᠬᠦ ᠤᠯᠤᠰ ᠲᠤ ᠰᠢᠨ᠎ᠡ ᠪᠠᠷ ᠨᠡᠮᠡᠭᠳᠡᠬᠦ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢᠨ ᠲᠤᠭ᠎ᠠ ᠲᠦᠷᠭᠡᠨ ᠢᠶᠠᠷ ᠨᠡᠮᠡᠭᠳᠡᠵᠦ᠂ ᠬᠡᠰᠡᠭ ᠭᠠᠵᠠᠷ ᠣᠷᠣᠨ ᠤ ᠨᠡᠶᠢᠭᠡᠮ ᠲᠣᠭᠤᠷᠢᠭ ᠤᠨ ᠲᠠᠷᠬᠠᠯᠲᠠ ᠶᠢ ᠮᠥᠨ ᠬᠦ ᠬᠤᠷᠢᠭᠯᠠᠵᠤ ᠳᠡᠶᠢᠯᠦᠭᠡᠳᠦᠢ᠂ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ ᠪᠠᠶᠢᠵᠤ᠂ ᠰᠡᠷᠭᠡᠶᠢᠯᠡᠨ ᠡᠵᠡᠮᠳᠡᠬᠦ ᠳᠤ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃

︽ᠬᠥᠳᠡᠯᠦᠩᠭᠦᠢ ᠪᠠᠷ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠦᠷᠭᠦᠯᠵᠢᠯᠡᠨ ᠡᠷᠡᠭᠡᠯᠵᠡᠰᠢ ᠦᠭᠡᠢ ᠬᠡᠷᠡᠭᠵᠢᠭᠦᠯᠵᠦ᠂ ᠲᠦᠷᠭᠡᠨ ᠪᠠᠶᠢᠬᠤ ᠶᠢ ᠲᠡᠷᠢᠭᠦᠨ ᠳᠤ ᠲᠠᠯᠪᠢᠵᠤ᠂ ᠭᠤᠣᠯᠳᠠᠯᠭ᠎ᠠ ᠲᠠᠢ ᠭᠠᠵᠠᠷ ᠣᠷᠣᠨ ᠤ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠵᠤ᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠵᠤ᠂ ᠲᠤᠰᠠᠭᠠᠷᠯᠠᠬᠤ ᠶᠣᠰᠣᠲᠠᠢ ᠶᠢ ᠨᠢ ᠪᠦᠬᠦᠨ ᠢ ᠲᠤᠰᠠᠭᠠᠷᠯᠠᠵᠤ᠂ ᠡᠮᠴᠢᠯᠡᠬᠦ ᠶᠣᠰᠣᠲᠠᠢ ᠶᠢ ᠨᠢ ᠪᠦᠬᠦᠨ ᠢ ᠡᠮᠴᠢᠯᠡᠬᠦ ᠶᠢ ᠱᠠᠯᠠᠪᠳᠠᠨ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ ᠬᠢᠨ ᠲᠤᠰᠠᠭᠠᠷᠯᠠᠬᠤ ᠴᠡᠭ ᠪᠠ ᠴᠢᠩᠭᠡᠯᠢᠭᠲᠦ ᠡᠮᠨᠡᠯᠭᠡ ᠶᠢᠨ ᠬᠤᠷᠢᠶᠠᠨ ᠤ ᠨᠥᠭᠡᠴᠡ ᠪᠠᠨ ᠴᠢᠩᠭᠠᠳᠬᠠᠵᠤ᠂ ᠬᠡᠪᠴᠢᠶᠡᠲᠦ ᠴᠢᠨᠠᠷᠲᠠᠢ ᠬᠢᠵᠢᠭ ᠤᠨ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠤᠯᠠᠨ ᠲᠦᠮᠡᠨ ᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠬᠦ ᠬᠡᠷᠡᠭᠴᠡᠭᠡ ᠶᠢ ᠪᠠᠲᠤᠯᠠᠬᠤ ᠬᠡᠷᠡᠭᠲᠡᠢ᠃
      ᠱᠠᠩᠬᠠᠢ ᠪᠣᠯᠣᠨ ᠭᠢᠷᠢᠨ ᠤ ᠬᠢᠵᠢᠭ ᠤᠨ ᠪᠠᠶᠢᠳᠠᠯ ᠮᠥᠨ ᠬᠦ ᠨᠡᠮᠡᠭᠳᠡᠯ ᠤᠨ ᠪᠠᠶᠢᠳᠠᠯ ᠳᠤ ᠣᠷᠣᠰᠢᠵᠤ ᠪᠠᠶᠢᠨ᠎ᠠ
      3 ᠳ᠋ᠤᠭᠠᠷ ᠰᠠᠷ᠎ᠠ ᠶᠢᠨ 1 ᠤ ᠡᠳᠦᠷ ᠠᠴᠠ 4 ᠳ᠋ᠦ᠋ᠭᠡᠷ ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠤᠯᠤᠰ ᠲᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠶᠢᠲᠡ 176455 ᠮᠡᠳᠡᠭᠦᠯᠵᠦ᠂ 29 ᠮᠤᠵᠢ ᠶᠢ ᠬᠠᠮᠤᠷᠴᠤ᠂ ᠶᠡᠷᠦᠩᠬᠡᠢ ᠳᠤ ᠪᠠᠨ ᠥᠷᠭᠡᠨ ᠬᠡᠪᠴᠢᠶ᠎ᠡ ᠪᠠᠷ ᠳᠡᠯᠭᠡᠷᠡᠭᠰᠡᠨ᠂ ᠬᠡᠪᠴᠢᠶᠡᠵᠢᠭᠰᠡᠨ ᠴᠢᠨᠠᠷᠲᠠᠢ ᠬᠢᠵᠢᠭ ᠤᠨ ᠪᠠᠶᠢᠳᠠᠯ ᠪᠠ ᠥᠷᠭᠡᠨ ᠲᠠᠷᠬᠠᠭᠰᠠᠨ ᠬᠢᠵᠢᠭ ᠤᠨ ᠪᠠᠶᠢᠳᠠᠯ ᠰᠣᠯᠪᠢᠴᠠᠵᠤ᠂ ᠭᠠᠳᠠᠭᠰᠢ ᠯᠡᠪᠡᠷᠡᠭᠰᠡᠨ ᠡᠪᠡᠳᠴᠢᠨ ᠤ ᠵᠢᠱᠢᠶ᠎ᠡ ᠵᠢᠴᠢ ᠦᠷᠭᠦᠯᠵᠢᠯᠡᠨ ᠲᠠᠷᠬᠠᠭᠰᠠᠨ ᠬᠢᠵᠢᠭ ᠤᠨ ᠪᠠᠶᠢᠳᠠᠯ ᠣᠯᠠᠨ ᠡᠭᠦᠰᠬᠦ ᠵᠡᠷᠭᠡ ᠣᠨᠴᠠᠯᠢᠭ ᠢᠯᠡᠷᠡᠵᠡᠢ᠃
      3 ᠳ᠋ᠤᠭᠠᠷ ᠰᠠᠷ᠎ᠠ ᠶᠢᠨ ᠳᠤᠮᠳᠠᠴᠢ ᠠᠴᠠ ᠨᠠᠭᠠᠰᠢ᠂ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠳᠠᠭᠠᠯᠳᠤᠨ᠂ ᠡᠭᠦᠨ ᠠᠴᠠ ᠡᠮᠦᠨ᠎ᠡ ᠬᠢᠵᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠢ ᠪᠠᠶᠢᠭᠰᠠᠨ 5 ᠮᠤᠵᠢ ᠬᠤᠲᠠ ᠶᠢᠨ ᠳᠣᠲᠣᠷ᠎ᠠ ᠭᠤᠸᠠᠩᠳᠦ᠋ᠩ᠂ ᠱᠠᠨᠳᠦ᠋ᠩ᠂ ᠾᠧᠪᠧᠢ ᠵᠡᠷᠭᠡ ᠮᠤᠵᠢ ᠬᠤᠲᠠ ᠶᠢᠨ ᠬᠢᠵᠢᠭ ᠤᠨ ᠪᠠᠶᠢᠳᠠᠯ ᠴᠥᠮ ᠰᠠᠶᠢᠵᠢᠷᠠᠬᠤ ᠬᠠᠨᠳᠤᠰᠢ ᠲᠠᠢ ᠪᠣᠯᠤᠭᠰᠠᠨ ᠪᠣᠯᠪᠠᠴᠤ ᠱᠠᠩᠬᠠᠢ ᠪᠣᠯᠣᠨ ᠭᠢᠷᠢᠨ ᠤ ᠬᠢᠵᠢᠭ ᠤᠨ ᠪᠠᠶᠢᠳᠠᠯ ᠮᠥᠨ ᠬᠦ ᠨᠡᠮᠡᠭᠳᠡᠯ ᠤᠨ ᠪᠠᠶᠢᠳᠠᠯ ᠳᠤ ᠣᠷᠣᠰᠢᠭᠰᠠᠭᠠᠷ ᠪᠠᠶᠢᠨ᠎ᠠ᠃
      ● ᠱᠠᠩᠬᠠᠢ ᠬᠤᠲᠠ ᠶᠢᠨ ᠬᠢᠵᠢᠭ ᠤᠨ ᠪᠠᠶᠢᠳᠠᠯ ᠣᠷᠭᠢᠯ ᠤᠨ ᠦᠶ᠎ᠡ ᠳᠤ ᠪᠠᠨ ᠬᠦᠷᠴᠦ᠂ ᠮᠡᠳᠡᠭᠦᠯᠦᠭᠰᠡᠨ ᠬᠠᠯᠳᠠᠪᠤᠷᠢᠯᠠᠭᠰᠠᠳ ᠨᠡᠶᠢᠲᠡ 90000 ᠭᠠᠷᠤᠢ ᠶᠢ ᠳᠠᠪᠠᠵᠤ᠂ ᠨᠡᠶᠢᠭᠡᠮ ᠲᠣᠭᠤᠷᠢᠭ ᠤᠨ ᠲᠠᠷᠬᠠᠯᠲᠠ ᠨᠡᠯᠢᠶᠡᠳ ᠥᠷᠭᠡᠨ ᠪᠥᠭᠡᠳ ᠣᠯᠠᠨ ᠮᠤᠵᠢ ᠣᠯᠠᠨ ᠬᠤᠲᠠ ᠳᠤ ᠯᠡᠪᠡᠷᠡᠨ ᠬᠠᠯᠳᠠᠪᠤᠷᠢᠯᠠᠵᠤ᠂ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠬᠦᠨᠳᠦ ᠬᠡᠴᠡᠭᠦᠦ ᠪᠠᠶᠢᠨ᠎ᠠ᠃
      ● ᠭᠢᠷᠢᠨ ᠮᠤᠵᠢ ᠨᠡᠶᠢᠲᠡ 60000 ᠭᠠᠷᠤᠢ ᠬᠠᠯᠳᠠᠪᠤᠷᠢᠯᠠᠭᠰᠠᠳ ᠢ ᠮᠡᠳᠡᠭᠦᠯᠵᠦ᠂ ᠴᠠᠩᠴᠦ᠋ᠨ ᠬᠤᠲᠠ ᠶᠢᠨ ᠬᠢᠵᠢᠭ ᠤᠨ ᠪᠠᠶᠢᠳᠠᠯ ᠦᠷᠭᠦᠯᠵᠢᠯᠡᠨ ᠬᠦᠨᠳᠦᠷᠡᠵᠦ᠂ ᠮᠥᠨ ᠬᠦ ᠥᠨᠳᠥᠷ ᠪᠠᠶᠢᠷᠢᠨ ᠳᠤ ᠣᠷᠣᠰᠢᠵᠤ ᠪᠤᠢ᠃ ᠭᠢᠷᠢᠨ ᠬᠤᠲᠠ ᠶᠢᠨ ᠭᠤᠣᠯ ᠬᠤᠲᠠ ᠲᠣᠭᠤᠷᠢᠭ ᠤᠨ ᠬᠢᠵᠢᠭ ᠤᠨ ᠪᠠᠶᠢᠳᠠᠯ ᠪᠠᠭᠤᠷᠠᠵᠤ

ᠡᠬᠢᠯᠡᠪᠡ᠃
      ᠸᠠᠺᠼᠢᠨ ᠤ ᠲᠠᠷᠢᠯᠭ᠎ᠠ ᠬᠢᠬᠦ ᠪᠣᠯ ᠬᠦᠨᠳᠦ ᠡᠪᠡᠳᠴᠢᠨ ᠢ ᠪᠠᠭᠠᠰᠬᠠᠬᠤ᠂ ᠦᠬᠦᠬᠦ ᠨᠤᠷᠮ᠎ᠠ ᠶᠢ ᠪᠠᠭᠠᠰᠬᠠᠬᠤ ᠬᠠᠮᠤᠭ ᠤᠨ ᠰᠠᠶᠢᠨ ᠠᠷᠭ᠎ᠠ ᠬᠡᠮᠵᠢᠶ᠎ᠡ ᠮᠥᠨ
      ᠭᠢᠷᠢᠨ ᠤ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠡᠪᠡᠳᠴᠢᠲᠡᠨ ᠢ ᠡᠮᠨᠡᠨ ᠵᠠᠰᠠᠬᠤ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠬᠦᠨᠳᠦ ᠪᠠ ᠬᠦᠨᠳᠦ ᠲᠦᠭᠰᠢᠭᠦᠷᠢᠲᠡᠢ ᠡᠪᠡᠳᠴᠢᠲᠡᠨ ᠤ ᠳᠣᠲᠣᠷ᠎ᠠ᠂ ᠸᠠᠺᠼᠢᠨ ᠤ ᠲᠠᠷᠢᠯᠭ᠎ᠠ ᠶᠢᠨ ᠬᠤᠶᠠᠷ ᠵᠡᠭᠦᠦ ᠲᠠᠷᠢᠭᠰᠠᠨ ᠬᠠᠷᠢᠴᠠᠯ ᠨᠢ ᠵᠥᠪᠬᠡᠨ 15% ᠣᠷᠴᠢᠮ ᠪᠠᠶᠢᠵᠤ᠂ ᠪᠥᠬᠦ ᠤᠯᠤᠰ ᠤᠨ ᠲᠠᠷᠢᠯᠭ᠎ᠠ ᠬᠢᠭᠰᠡᠨ ᠨᠣᠷᠮ᠎ᠠ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ ᠬᠦᠨᠳᠦ ᠡᠪᠡᠳᠴᠢᠲᠡᠨ ᠳᠤ ᠪᠠᠰᠠ ᠸᠠᠺᠼᠢᠨ ᠤ ᠲᠠᠷᠢᠯᠭ᠎ᠠ ᠲᠠᠷᠢᠭᠰᠠᠨ ᠦᠭᠡᠢ ᠠᠬᠢᠮᠠᠭ ᠨᠠᠰᠤᠨ ᠤ ᠬᠥᠮᠥᠨ ᠪᠠ ᠠᠬᠢᠮᠠᠭ ᠨᠠᠰᠤᠨ ᠤ ᠬᠥᠮᠥᠰ ᠤᠨ ᠳᠣᠲᠣᠷ᠎ᠠ ᠤᠳᠠᠭᠠᠨ ᠴᠢᠨᠠᠷᠲᠠᠢ ᠪᠠ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠣᠨᠴᠠᠯᠢᠭ ᠢᠯᠡᠷᠡᠭᠰᠡᠨ ᠪᠠᠶᠢᠨ᠎ᠠ᠃
      ᠣᠮᠢᠺᠷᠦᠨ ᠣᠨᠳᠣᠣᠰᠢᠭᠰᠠᠨ ᠸᠢᠷᠦ᠋ᠰ ᠨᠢ ᠬᠠᠯᠳᠠᠪᠤᠷᠢᠯᠠᠬᠤ ᠴᠢᠨᠠᠷ ᠢᠶᠠᠷ ᠴᠢᠩᠭ᠎ᠠ᠂ ᠲᠠᠷᠬᠠᠬᠤ ᠬᠤᠷᠳᠤᠴᠠ ᠨᠢ ᠲᠦᠷᠭᠡᠨ ᠪᠠᠶᠢᠬᠤ ᠠᠴᠠ ᠭᠠᠳᠠᠨ᠎ᠠ ᠲᠠᠷᠬᠠᠬᠤ ᠶᠠᠪᠤᠴᠠ ᠨᠢ ᠳᠠᠯᠳᠠ ᠨᠢᠭᠤᠴᠠᠭᠠᠢ ᠴᠢᠨᠠᠷᠲᠠᠢ ᠪᠠᠶᠢᠳᠠᠭ᠃ ᠡᠳᠡᠭᠡᠷ ᠬᠦᠴᠦᠨ ᠵᠦᠢᠯ ᠨᠢ ᠴᠥᠮ ᠰᠡᠭᠦᠯᠴᠢ ᠶᠢᠨ ᠬᠤᠭᠤᠴᠠᠭᠠᠨ ᠳᠤ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ᠃ ᠨᠠᠰᠤᠲᠠᠶᠢᠴᠤᠳ ᠪᠠ ᠰᠠᠭᠤᠷᠢ ᠡᠪᠡᠳᠴᠢᠨ ᠲᠠᠢ ᠬᠥᠮᠥᠰ ᠲᠤ ᠠᠪᠴᠤ ᠬᠡᠯᠡᠪᠡᠯ᠂ ᠬᠦᠨᠳᠦ ᠡᠪᠡᠳᠴᠢᠨ ᠢ ᠪᠠᠭᠠᠰᠬᠠᠬᠤ᠂ ᠦᠬᠦᠬᠦ ᠨᠤᠷᠮ᠎ᠠ ᠶᠢ ᠪᠠᠭᠠᠰᠬᠠᠬᠤ ᠬᠠᠮᠤᠭ ᠤᠨ ᠰᠠᠶᠢᠨ ᠠᠷᠭ᠎ᠠ ᠬᠡᠮᠵᠢᠶ᠎ᠡ ᠪᠣᠯ ᠬᠠᠰᠢ ᠯᠠ ᠸᠠᠺᠼᠢᠨ ᠤ ᠲᠠᠷᠢᠯᠭ᠎ᠠ ᠬᠢᠬᠦ ᠶᠠᠪᠤᠳᠠᠯ ᠪᠣᠯᠣᠨ᠎ᠠ᠃
      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠣᠣᠷ᠎ᠠ ᠣᠯᠠᠨ ᠨᠡᠶᠢᠲᠡ ᠶᠢᠨ ᠦᠨᠳᠦᠰᠦᠨ ᠡᠮᠴᠢᠯᠡᠭᠡᠨ ᠤ ᠱᠠᠭᠠᠷᠳᠠᠯᠭ᠎ᠠ ᠶᠢ ᠰᠢᠢᠳᠪᠦᠷᠢᠯᠡᠬᠦ ᠬᠡᠷᠡᠭᠲᠡᠢ᠂ ᠣᠨᠴᠠᠭᠠᠶᠢᠯᠠᠨ ᠬᠦᠨᠳᠦ ᠲᠦᠭᠰᠢᠭᠦᠷᠢᠲᠡᠢ ᠡᠪᠡᠳᠴᠢᠲᠡᠨ ᠢ ᠡᠮᠨᠡᠨ ᠵᠠᠰᠠᠬᠤ ᠲᠠᠯ᠎ᠠ ᠪᠠᠷ ᠠᠩᠬᠠᠷᠬᠤ ᠬᠡᠷᠡᠭᠲᠡᠢ
      ᠬᠢᠵᠢᠭ ᠤᠨ ᠬᠤᠭᠤᠴᠠᠭᠠᠨ ᠳᠤ᠂ ᠪᠢᠲᠡᠭᠦᠮᠵᠢᠯᠡᠨ ᠬᠢᠵᠠᠭᠠᠷᠯᠠᠬᠤ ᠣᠷᠣᠨ᠂ ᠬᠠᠮᠢᠶᠠᠷᠤᠨ ᠡᠵᠡᠮᠳᠡᠬᠦ ᠣᠷᠣᠨ ᠤ ᠣᠯᠠᠨ ᠲᠦᠮᠡᠨ ᠤ ᠡᠪᠡᠳᠴᠢᠨ ᠦᠵᠡᠭᠦᠯᠬᠦ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠬᠡᠷᠡᠭᠲᠡᠢ ᠪᠥᠭᠡᠳ ᠠᠯᠢ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠡᠳᠡᠭᠡᠷ ᠡᠪᠡᠳᠴᠢᠲᠡᠨ ᠢ ᠴᠠᠭ ᠲᠤᠬᠠᠢ ᠳᠤ ᠨᠢ ᠪᠦᠲᠦᠮᠵᠢᠲᠡᠶ ᠡᠮᠨᠡᠨ ᠵᠠᠰᠠᠬᠤ ᠶᠢ ᠪᠠᠲᠤᠯᠠᠬᠤ ᠬᠡᠷᠡᠭᠲᠡᠢ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠠᠴᠠ ᠡᠮᠴᠢᠯᠡᠭᠡᠨ ᠤ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠳᠤ ᠵᠣᠬᠢᠬᠤ ᠱᠠᠭᠠᠷᠳᠠᠯᠭ᠎ᠠ ᠳᠤᠷᠠᠳᠬᠤ ᠶᠢ ᠴᠢᠬᠤᠯᠠᠴᠢᠯᠠᠪᠠ᠄
      ● ᠲᠦᠷᠭᠡᠨ ᠡᠮᠨᠡᠬᠦ ᠲᠦᠷᠭᠡᠨ ᠠᠪᠤᠷᠠᠬᠤ ᠲᠠᠰᠤᠭ᠂ ᠮᠡᠰᠡ ᠵᠠᠰᠠᠯ ᠤᠨ ᠲᠠᠰᠤᠭ᠂ ᠡᠪᠡᠳᠴᠢᠲᠡᠨ ᠤ ᠥᠷᠥᠭᠡ ᠵᠢᠴᠢ ᠬᠥᠩᠭᠡᠵᠢᠭᠦᠯᠬᠦ ᠰᠠᠯᠠᠭ᠎ᠠ ᠳᠤ ᠵᠣᠬᠢᠬᠤ ᠪᠠᠴᠢᠮ ᠪᠠᠶᠢᠳᠠᠯ ᠢ ᠠᠷᠭᠠᠴᠠᠭᠠᠬᠤ ᠣᠷᠣᠨ ᠪᠤᠶᠤ ᠨᠠᠮᠳᠠᠭᠤᠯᠬᠤ ᠣᠷᠣᠨ ᠲᠣᠬᠢᠷᠠᠭᠤᠯᠵᠤ᠂ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠭᠠᠷᠬᠤ ᠠᠴᠠ ᠡᠮᠦᠨ᠎ᠡ ᠬᠦᠨᠳᠦ ᠲᠦᠭᠰᠢᠭᠦᠷᠢᠲᠡᠢ ᠡᠪᠡᠳᠴᠢᠲᠡᠨ ᠢ ᠠᠪᠤᠷᠠᠨ ᠵᠠᠰᠠᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃
      ● ᠡᠯ᠎ᠡ ᠭᠠᠵᠠᠷ ᠤᠨ ᠬᠢᠨ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ ᠨᠡᠪᠴᠢᠭᠦᠯᠦᠨ ᠢᠯᠭᠠᠷᠠᠭᠤᠯᠬᠤ ᠵᠠᠰᠠᠯᠭ᠎ᠠ ᠬᠢᠬᠦ ᠬᠦᠮᠦᠰ᠂ ᠰᠠᠴᠤᠷᠠᠭ ᠬᠢᠮᠢ ᠶᠢᠨ ᠵᠠᠰᠠᠯᠭ᠎ᠠ ᠬᠢᠬᠦ ᠬᠥᠮᠥᠰ ᠤᠨ ᠦᠨᠳᠦᠰᠦᠨ ᠰᠠᠭᠤᠷᠢ ᠲᠤᠭ᠎ᠠ ᠶᠢ ᠪᠦᠷᠢᠳᠬᠡᠵᠦ᠂ ᠦᠨᠳᠦᠰᠦᠨ ᠰᠠᠭᠤᠷᠢ ᠪᠠᠶᠢᠳᠠᠯ ᠢ ᠨᠢ ᠲᠣᠳᠣᠷᠬᠠᠢ ᠣᠶᠢᠯᠠᠭᠠᠵᠤ᠂ ᠨᠠᠷᠢᠨ ᠳᠠᠩᠰᠠ ᠪᠠᠶᠢᠭᠤᠯᠤᠨ᠂ ᠡᠳᠡᠭᠡᠷ ᠡᠪᠡᠳᠴᠢᠲᠡᠨ ᠢ ᠪᠦᠲᠦᠮᠵᠢᠲᠡᠶ ᠪᠠᠷ ᠮᠥᠷᠳᠡᠨ ᠳᠠᠭᠠᠵᠤ᠂ ᠡᠮᠨᠡᠨ ᠵᠠᠰᠠᠬᠤ ᠴᠢᠬᠤᠯᠠᠲᠠᠢ ᠦᠶ᠎ᠡ ᠳᠤ ᠴᠠᠭ ᠲᠤᠬᠠᠢ ᠳᠤ ᠨᠢ ᠡᠮᠨᠡᠨ ᠵᠠᠰᠠᠬᠤ ᠬᠡᠷᠡᠭᠲᠡᠢ ᠭᠡᠵᠦ ᠱᠠᠭᠠᠷᠳᠠᠵᠠᠢ᠃
      ● ᠤᠳᠠᠭᠠᠨ ᠴᠢᠨᠠᠷᠲᠠᠢ ᠤᠷᠲᠤ ᠬᠤᠭᠤᠴᠠᠭ᠎ᠠ ᠪᠠᠷ ᠡᠮ ᠬᠡᠷᠡᠭᠯᠡᠵᠦ ᠪᠠᠶᠢᠭ᠎ᠠ ᠡᠪᠡᠳᠴᠢᠲᠡᠨ ᠳᠤ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠶᠢ ᠲᠣᠬᠢᠷᠠᠭᠤᠯᠵᠤ ᠵᠣᠬᠢᠬᠤ ᠡᠮ ᠤᠨ ᠵᠣᠷ ᠥᠭᠭᠦᠨ᠎ᠡ᠂ ᠵᠠᠷᠢᠮ ᠤᠳᠠᠭᠠᠨ ᠴᠢᠨᠠᠷᠲᠠᠢ ᠡᠪᠡᠳᠴᠢᠲᠡᠨ ᠳᠤ ᠡᠪᠡᠳᠴᠢᠨ ᠤ ᠪᠠᠶᠢᠳᠠᠯ ᠲᠠᠢ ᠨᠢ ᠤᠶᠠᠯᠳᠤᠭᠤᠯᠤᠨ ᠡᠮ ᠤᠨ ᠵᠣᠷ ᠢ ᠨᠢ 12 ᠭᠠᠷᠠᠭ ᠪᠣᠯᠲᠠᠯ᠎ᠠ ᠤᠷᠲᠤᠳᠬᠠᠵᠤ ᠪᠣᠯᠬᠤ ᠪᠥᠭᠡᠳ ᠭᠡᠷ ᠲᠤ ᠨᠢ ᠬᠦᠷᠴᠦ ᠡᠮ ᠬᠦᠷᠭᠡᠬᠦ ᠦᠢᠯᠡᠴᠢᠯᠡᠭᠡ ᠬᠠᠩᠭᠠᠬᠤ ᠶᠢ ᠰᠠᠨᠠᠭᠤᠯᠵᠤ ᠪᠠᠶᠢᠨ᠎ᠠ᠃
      ᠣᠮᠢᠺᠷᠦᠨ ᠤ ᠬᠤᠣᠷ ᠬᠥᠨᠥᠭᠡᠯ ᠨᠢ ᠬᠠᠯᠳᠠᠪᠤᠷᠢᠲᠤ ᠲᠠᠭᠰᠢᠭᠤᠷ ᠠᠴᠠ ᠶᠡᠭᠡ ᠪᠠᠶᠢᠳᠠᠭ᠂ ᠭᠤᠷᠪᠠ ᠤᠳᠠᠭᠠᠨ ᠤ ᠸᠠᠺᠼᠢᠨ ᠤ ᠲᠠᠷᠢᠯᠭ᠎ᠠ ᠶᠢ ᠲᠠᠷᠢᠬᠤ ᠨᠢ ᠣᠮᠢᠺᠷᠦᠨ ᠳᠤ ᠬᠠᠯᠳᠠᠪᠤᠷᠢᠯᠠᠭᠳᠠᠭᠰᠠᠨ ᠤ ᠳᠠᠷᠠᠭᠠᠬᠢ ᠡᠪᠡᠳᠴᠢᠨ ᠢᠶᠠᠷ ᠦᠬᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ
      ᠣᠮᠢᠺᠷᠦᠨ ᠤ ᠬᠤᠣᠷᠲᠤ ᠴᠢᠨᠠᠷ ᠪᠠᠭᠤᠷᠠᠭᠰᠠᠨ ᠪᠠᠶᠢᠳᠠᠯ ᠪᠣᠯ ᠥᠩᠭᠡᠷᠡᠭᠰᠡᠨ ᠤ ᠬᠤᠣᠷᠲᠤ ᠸᠢᠷᠦ᠋ᠰ ᠲᠠᠢ ᠬᠠᠷᠢᠴᠠᠭᠤᠯᠵᠤ ᠬᠡᠯᠡᠭᠰᠡᠨ ᠶᠤᠮ᠃ ᠣᠳᠣᠬᠠᠨ ᠳᠤ ᠲᠡᠭᠦᠨ ᠤ ᠬᠤᠣᠷᠲᠤ ᠴᠢᠨᠠᠷ ᠨᠢ ᠮᠥᠨ ᠯᠡ ᠬᠠᠯᠳᠠᠪᠤᠷᠢᠲᠤ ᠲᠠᠭᠰᠢᠭᠤᠷ ᠠᠴᠠ ᠥᠨᠳᠥᠷ ᠪᠠᠶᠢᠭᠰᠠᠭᠠᠷ᠂ ᠢᠯᠠᠩᠭᠤᠶ᠎ᠠ ᠸᠠᠺᠼᠢᠨ ᠤ ᠲᠠᠷᠢᠯᠭ᠎ᠠ ᠬᠢᠭᠰᠡᠨ ᠦᠭᠡᠢ ᠪᠤᠶᠤ ᠸᠠᠺᠼᠢᠨ ᠤ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠦᠭᠡᠢ ᠨᠠᠰᠤᠲᠠᠶᠢᠴᠤᠳ ᠲᠤ ᠠᠪᠴᠤ ᠬᠡᠯᠡᠪᠡᠯ ᠨᠠᠩ ᠶᠡᠭᠡ ᠬᠤᠣᠷ ᠬᠥᠨᠥᠭᠡᠯ ᠲᠠᠢ ᠶᠤᠮ᠃ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠣᠳᠣᠬᠠᠨ ᠳᠤ 110 ᠭᠠᠷᠤᠢ ᠲᠦᠮᠡᠨ ᠬᠠᠯᠳᠠᠪᠤᠷᠢᠯᠠᠭᠰᠠᠳ ᠤᠨ ᠳᠣᠲᠣᠷ᠎ᠠ 8000 ᠭᠠᠷᠤᠢ ᠬᠥᠮᠥᠨ ᠦᠬᠦᠵᠦ᠂ ᠡᠪᠡᠳᠴᠢᠨ ᠢᠶᠠᠷ ᠦᠬᠦᠭᠰᠡᠨ ᠨᠣᠷᠮ᠎ᠠ ᠨᠢ 0.7% ᠶᠢ ᠡᠵᠡᠯᠡᠨ᠂ ᠡᠨᠡ ᠬᠦ ᠡᠪᠡᠳᠴᠢᠨ ᠢᠶᠠᠷ ᠦᠬᠦᠭᠰᠡᠨ ᠨᠣᠷᠮ᠎ᠠ ᠨᠢ ᠬᠠᠯᠳᠠᠪᠤᠷᠢᠲᠤ ᠲᠠᠭᠰᠢᠭᠤᠷ ᠤᠨ ᠡᠪᠡᠳᠴᠢᠨ ᠢᠶᠠᠷ ᠦᠬᠦᠭᠰᠡᠨ ᠨᠣᠷᠮ᠎ᠠ ᠠᠴᠠ ᠬᠤᠯᠠ ᠥᠨᠳᠥᠷ ᠪᠠᠶᠢᠨ᠎ᠠ᠃ ᠡᠭᠦᠨ ᠠᠴᠠ ᠭᠠᠳᠠᠨ᠎ᠠ᠂ ᠰᠢᠶᠠᠩᠭᠠᠩ ᠤᠨ ᠬᠢᠵᠢᠭ ᠤᠨ ᠪᠠᠶᠢᠳᠠᠯ ᠤᠨ ᠲᠤᠭ᠎ᠠ ᠪᠠᠷᠢᠮᠲᠠ ᠠᠴᠠ ᠪᠢᠳᠡᠨ ᠳᠤ ᠸᠠᠺᠼᠢᠨ ᠤ ᠲᠠᠷᠢᠯᠭ᠎ᠠ ᠬᠢᠬᠦ ᠡᠰᠡᠬᠦ ᠨᠢ ᠡᠪᠡᠳᠴᠢᠨ ᠢᠶᠠᠷ ᠦᠬᠦᠬᠦ ᠨᠣᠷᠮ᠎ᠠ ᠲᠠᠢ ᠨᠢᠭᠲᠠ ᠬᠤᠯᠪᠣᠭ᠎ᠠ ᠲᠠᠢ ᠭᠡᠳᠡᠭ ᠮᠠᠰᠢ ᠴᠢᠬᠤᠯᠠ ᠰᠠᠨᠠᠭᠤᠯᠤᠮᠵᠢ ᠥᠭᠴᠡᠢ᠃ ᠰᠢᠶᠠᠩᠭᠠᠩ ᠤᠨ ᠡᠪᠡᠳᠴᠢᠨ ᠢᠶᠠᠷ ᠦᠬᠦᠭᠰᠡᠨ ᠬᠥᠮᠥᠰ ᠤᠨ ᠲᠤᠭ᠎ᠠ ᠪᠠᠷᠢᠮᠲᠠ ᠠᠴᠠ ᠦᠵᠡᠪᠡᠯ᠂ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠨ ᠤ ᠦᠬᠦᠬᠦ ᠨᠣᠷᠮ᠎ᠠ ᠨᠢ 3.2%᠂ ᠨᠢᠭᠡ ᠲᠠᠷᠢᠯᠭ᠎ᠠ ᠬᠢᠭᠰᠡᠨ ᠬᠥᠮᠥᠨ ᠤ ᠦᠬᠦᠬᠦ ᠨᠣᠷᠮ᠎ᠠ ᠨᠢ 0.96%᠂ ᠬᠤᠶᠠᠷ ᠲᠠᠷᠢᠯᠭ᠎ᠠ ᠬᠢᠭᠰᠡᠨ ᠬᠥᠮᠥᠨ ᠤ ᠦᠬᠦᠬᠦ ᠨᠣᠷᠮ᠎ᠠ ᠨᠢ 0.14%᠂ ᠭᠤᠷᠪᠠᠨ ᠲᠠᠷᠢᠯᠭ᠎ᠠ ᠬᠢᠭᠰᠡᠨ ᠬᠥᠮᠥᠨ ᠤ ᠦᠬᠦᠬᠦ ᠨᠣᠷᠮ᠎ᠠ ᠨᠢ 0.03% ᠬᠦᠷᠴᠦ ᠪᠤᠢ᠃ ᠡᠲᠡᠭᠡᠷ ᠲᠤᠭ᠎ᠠ ᠪᠠᠷᠢᠮᠲᠠ ᠠᠴᠠ ᠦᠵᠡᠪᠡᠯ᠂ ᠭᠤᠷᠪᠠ ᠤᠳᠠᠭᠠᠨ ᠤ ᠸᠠᠺᠼᠢᠨ ᠤ ᠲᠠᠷᠢᠯᠭ᠎ᠠ ᠬᠢᠬᠦ ᠨᠢ ᠣᠮᠢᠺᠷᠦᠨ ᠳᠤ ᠬᠠᠯᠳᠠᠪᠤᠷᠢᠯᠠᠭᠳᠠᠭᠰᠠᠨ ᠤ ᠳᠠᠷᠠᠭᠠᠬᠢ ᠦᠬᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃
      ᠴᠡᠴᠡᠭ ᠤᠨ ᠲᠣᠭᠤᠰᠣᠨ ᠳᠤ ᠬᠠᠷᠰᠢᠬᠤ ᠨᠢ ᠸᠠᠺᠽᠢᠨ ᠤ ᠲᠠᠷᠢᠯᠭ᠎ᠠ ᠶᠢᠨ ᠴᠡᠭᠡᠷ ᠲᠤ ᠪᠠᠭᠲᠠᠬᠤ ᠦᠭᠡᠢ
      ᠬᠠᠪᠤᠷ ᠤᠨ ᠤᠯᠠᠷᠢᠯ ᠳᠤ ᠴᠡᠴᠡᠭ ᠳᠡᠯᠭᠡᠷᠡᠬᠦ ᠦᠶ᠎ᠡ ᠳᠤ᠂ ᠥᠩᠭᠡᠷᠡᠭᠰᠡᠨ ᠳᠤ ᠴᠡᠴᠡᠭ ᠤᠨ ᠲᠣᠭᠤᠰᠣᠨ ᠳᠤ ᠬᠠᠷᠰᠢᠬᠤ ᠡᠪᠡᠳᠴᠢᠨ ᠤ ᠲᠡᠦᠬᠡ ᠲᠠᠢ ᠪᠠᠶᠢᠭᠰᠠᠨ ᠵᠠᠷᠢᠮ ᠬᠥᠮᠥᠰ ᠡᠬᠢᠯᠡᠨ ᠡᠪᠡᠳᠴᠢᠯᠡᠳᠡᠭ᠂ ᠡᠭᠦᠨ ᠳᠤ ᠨᠢᠳᠦ ᠵᠠᠭᠠᠲᠤᠨᠠᠬᠤ᠂ ᠨᠠᠶᠢᠲᠠᠭᠠᠬᠤ᠂ ᠬᠠᠨᠢᠶᠠᠬᠤ ᠵᠡᠷᠭᠡ ᠪᠠᠭᠲᠠᠨ᠎ᠠ᠂ ᠬᠦᠨᠳᠦᠷᠡᠬᠦ ᠳᠤ ᠪᠠᠨ ᠪᠠᠰᠠ ᠠᠭᠰᠠᠭ᠎ᠠ ᠳᠠᠪᠬᠤᠴᠠᠬᠤ ᠡᠪᠡᠳᠴᠢᠨ ᠢᠯᠡᠷᠡᠨ᠎ᠡ᠃ ᠵᠠᠷᠢᠮ ᠠᠷᠭ᠎ᠠ ᠬᠡᠮᠵᠢᠶ᠎ᠡ ᠨᠢ ᠴᠡᠴᠡᠭ ᠤᠨ ᠲᠣᠭᠤᠰᠣᠨ ᠳᠤ ᠬᠠᠷᠰᠢᠬᠤ ᠡᠪᠡᠳᠴᠢᠨ ᠡᠭᠦᠰᠬᠦ ᠶᠢ ᠰᠡᠷᠭᠡᠶᠢᠯᠡᠵᠦ ᠴᠢᠳᠠᠨ᠎ᠠ᠃ ᠡᠭᠦᠨ ᠳᠤ ᠠᠮᠠᠪᠴᠢ ᠵᠡᠭᠦᠬᠦ᠂ ᠴᠡᠴᠡᠭ ᠤᠨ ᠲᠣᠭᠤᠰᠣᠨ ᠤ ᠣᠷᠴᠢᠨ ᠠᠴᠠ ᠬᠤᠯᠠ ᠵᠠᠶᠢᠳᠠᠬᠤ ᠵᠡᠷᠭᠡ ᠪᠠᠭᠲᠠᠨ᠎ᠠ᠃ ᠬᠡᠷᠪᠡ ᠶᠠᠭ ᠴᠡᠴᠡᠭ ᠤᠨ ᠲᠣᠭᠤᠰᠣᠨ ᠳᠤ ᠬᠠᠷᠰᠢᠬᠤ ᠪᠠᠶᠢᠳᠠᠯ ᠭᠠᠷᠴᠤ ᠪᠠᠶᠢᠪᠠᠯ ᠪᠠᠰᠠ ᠵᠠᠷᠢᠮ ᠡᠮ ᠢᠶᠠᠷ ᠡᠪᠡᠳᠴᠢᠨ ᠤ ᠢᠯᠡᠷᠡᠯ ᠢ ᠨᠠᠮᠳᠠᠭᠤᠯᠵᠤ ᠪᠣᠯᠣᠨ᠎ᠠ᠃ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠳᠤ ᠭᠤᠣᠯᠳᠠᠭᠤ ᠲᠠᠪᠤᠨ ᠵᠦᠢᠯ ᠤᠨ ᠴᠡᠭᠡᠷᠯᠡᠬᠦ ᠡᠪᠡᠳᠴᠢᠨ ᠪᠣᠶ᠂ ᠴᠡᠴᠡᠭ ᠤᠨ ᠲᠣᠭᠤᠰᠣᠨ ᠤ ᠬᠠᠷᠰᠢᠯ ᠨᠢ ᠸᠠᠺᠼᠢᠨ ᠤ ᠲᠠᠷᠢᠯᠭ᠎ᠠ ᠶᠢᠨ ᠴᠡᠭᠡᠷ ᠲᠤ ᠪᠠᠭᠲᠠᠬᠤ ᠦᠭᠡᠢ᠃ ᠸᠠᠺᠼᠢᠨ ᠤ ᠲᠠᠷᠢᠯᠭ᠎ᠠ ᠬᠢᠬᠦ ᠦᠶ᠎ᠡ ᠳᠤ᠂ ᠬᠡᠷᠪᠡ ᠶᠠᠭ ᠰᠠᠶᠢᠬᠠᠨ ᠴᠡᠴᠡᠭ ᠤᠨ ᠲᠣᠭᠤᠰᠣᠨ ᠳᠤ ᠬᠠᠷᠰᠢᠬᠤ ᠲᠦᠷᠭᠡᠨ ᠴᠢᠨᠠᠷᠲᠠᠢ ᠡᠪᠡᠳᠴᠢᠨ ᠬᠥᠳᠡᠯᠬᠦ ᠬᠤᠭᠤᠴᠠᠭᠠᠨ ᠳᠤ ᠪᠠᠶᠢᠵᠤ᠂ ᠢᠯᠠᠩᠭᠤᠶ᠎ᠠ ᠬᠦᠨᠳᠦ ᠨᠣᠴᠢᠲᠠᠢ ᠳᠠᠪᠬᠤᠴᠠᠭᠰᠠᠨ ᠡᠪᠡᠳᠴᠢᠨ ᠳᠤ ᠨᠡᠷᠪᠡᠭᠳᠡᠪᠡᠯ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠶᠢ ᠬᠤᠶᠢᠰᠢᠯᠠᠭᠤᠯᠬᠤ ᠶᠢ ᠰᠠᠨᠠᠭᠤᠯᠵᠤ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ