5 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠪᠠᠷ | ᠬᠦᠷᠴᠦ᠂ ᠪᠠᠶᠢᠭᠤᠯᠭ᠎ᠠ ᠶᠢᠨ ᠺᠠᠳ᠋ᠷᠴᠤᠳ ᠢ ᠡᠷᠬᠢᠨ ᠦᠵᠡᠵᠦ᠂ ᠤᠳᠤᠷᠢᠳᠬᠤ ᠪᠠᠭ ᠤᠨ ᠪᠦᠷᠢᠯᠳᠦᠬᠦᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠬᠤᠯᠪᠣᠭᠳᠠᠯ | ᠪᠥᠬᠦᠶ ᠪᠠᠶᠢᠳᠠᠯ ᠢ ᠣᠶᠢᠯᠠᠭᠠᠪᠠ᠃ | | | | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ | ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ ᠲᠣᠰ ᠲᠣᠰ ᠬᠤᠯᠪᠣᠭᠳᠠᠯ ᠪᠥᠬᠦᠶ ᠪᠠᠶᠢᠳᠠᠯ ᠢ ᠲᠠᠨᠢᠯᠴᠠᠭᠤᠯᠪᠠ᠃ | ᠰᠦᠨ ᠱᠤᠤ ᠴᠧᠩ᠂ ᠡᠨᠡ ᠡᠳᠦᠷ ᠳᠤᠭᠤᠷᠢᠨ ᠦᠵᠡᠬᠦ ᠪᠠᠷ ᠢᠷᠡᠭᠰᠡᠨ ᠨᠢ ᠭᠤᠣᠯᠳᠠᠭᠤ ᠤᠯᠠᠨ ᠲᠠᠢ ᠲᠠᠨᠢᠯᠴᠠᠵᠤ ᠠᠭᠤᠯᠵᠠᠬᠤ ᠭᠡᠰᠡᠨ ᠶᠤᠮ᠃ ᠣᠷᠴᠢᠮ ᠤᠨ | ᠬᠡᠳᠦᠨ ᠡᠳᠦᠷ ᠪᠢ ᠪᠠᠶᠢᠳᠠᠯ ᠢ ᠣᠶᠢᠯᠠᠭᠠᠵᠤ ᠶᠠᠪᠤᠯ᠎ᠠ᠃ ᠶᠡᠷᠦᠩᠬᠡᠶ ᠳᠡᠭᠡᠨ᠂ ᠣᠶᠢᠷ᠎ᠠ ᠶᠢᠨ ᠵᠢᠯ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠨᠢ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠡᠮᠵᠢᠶᠡᠨ ᠤ ᠠᠵᠢᠯ ᠬᠢᠵᠦ᠂ ᠢᠯᠡᠳᠲᠡ ᠦᠷ᠎ᠡ ᠪᠦᠲᠦᠮᠵᠢ ᠤᠯᠤᠭᠰᠠᠨ ᠪᠠᠶᠢᠨ᠎ᠠ | ᠭᠡᠵᠡᠢ᠃ | | | | | | | | ᠰᠦᠨ ᠱᠤᠤ ᠴᠧᠩ᠂ ᠡᠯ᠎ᠡ ᠲᠠᠯ᠎ᠠ ᠶᠢᠨ ᠠᠵᠢᠯ ᠤᠨ ᠲᠤᠬᠠᠢ ᠬᠡᠳᠦᠨ ᠶᠡᠭᠡ ᠤᠳᠤᠷᠢᠳᠬᠤ ᠪᠠᠭ ᠨᠢᠭᠡᠨᠲᠡ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ ᠪᠦᠬᠦ ᠲᠠᠯ᠎ᠠ ᠶᠢᠨ | ᠲᠤᠬᠢᠷᠠᠭᠤᠯᠤᠯᠳᠠ ᠬᠢᠵᠡᠢ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠠᠶᠢᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠲᠤᠰ ᠲᠤᠰ ᠤᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠨᠢᠭᠡ ᠵᠢᠷᠤᠭ | ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠪᠠᠷᠢᠮᠲᠠᠯᠠᠵᠤ᠂ ᠨᠢᠭᠡᠨᠲᠡ ᠲᠣᠭᠲᠠᠭᠠᠭᠰᠠᠨ ᠲᠤᠬᠢᠷᠠᠭᠤᠯᠤᠯᠳᠠ ᠶᠢ ᠪᠣᠳᠠᠲᠠᠢ ᠶᠠᠪᠤᠳᠠᠯ ᠪᠣᠯᠭᠠᠨ ᠬᠤᠪᠢᠷᠠᠭᠤᠯᠵᠤ᠂ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠵᠦ᠂ ᠡᠯ᠎ᠡ ᠵᠦᠢᠯ ᠤᠨ ᠡᠭᠦᠷᠭᠡ ᠶᠢ ᠦᠨᠡᠨ ᠬᠦ ᠦᠨᠳᠦᠰᠦᠨ | ᠱᠠᠲᠤᠨ ᠤ ᠡᠮᠦᠨ᠎ᠡ ᠹᠷᠣᠨᠲ ᠲᠤ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠬᠡᠳᠦᠨ ᠶᠡᠭᠡ ᠪᠠᠭ ᠤᠨ | ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠨ᠎ᠡ᠂ ᠪᠢᠳᠡ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠨᠠᠮ ᠤᠨ ᠲᠥᠪ ᠬᠤᠷᠢᠶᠠᠨ ᠤ ᠲᠤᠰᠢᠶᠠᠭᠰᠠᠨ | ᠡᠭᠦᠷᠭᠡ ᠶᠢ ᠰᠠᠶᠢᠲᠤᠷ ᠪᠡᠶᠡᠯᠡᠭᠦᠯᠵᠦ᠂ ᠥᠪᠥᠷ ᠮᠣᠩᠭᠤᠯ ᠢᠶᠠᠨ ᠦᠨᠡᠨ ᠬᠦ ᠰᠠᠶᠢᠲᠤᠷ ᠪᠦᠲᠦᠭᠡᠨ ᠪᠠᠶᠢᠭᠤᠯᠵᠤ ᠰᠠᠶᠢᠲᠤᠷ ᠬᠥᠭᠵᠢᠭᠦᠯᠦᠶ᠎ᠡ ᠭᠡᠪᠡ᠃ | | | | | | | | ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠦᠨᠳᠦᠰᠦᠨ ᠬᠠᠤᠯᠢ | ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠭᠡᠵᠦ᠂ ᠢᠯᠠᠩᠭᠤᠶ᠎ᠠ ᠣᠷᠣᠨ ᠨᠤᠲᠤᠭ ᠤᠨ ᠬᠥᠭᠵᠢᠯᠲᠡ ᠶᠢᠨ | ᠬᠡᠷᠡᠭᠴᠡᠭᠡ ᠶᠢᠨ ᠲᠣᠭᠤᠷᠢᠨ ᠳᠤ ᠴᠢᠭᠯᠡᠬᠦᠯᠦᠯᠳᠤ ᠴᠢᠨᠠᠷᠲᠠᠢ ᠪᠠᠷ ᠬᠠᠤᠯᠢ ᠲᠣᠭᠲᠠᠭᠠᠬᠤ ᠠᠵᠢᠯ ᠢ ᠰᠠᠶᠢᠲᠤᠷ ᠬᠢᠵᠦ᠂ ᠬᠢᠨᠠᠯᠲᠠ ᠲᠠᠯᠪᠢᠬᠤ ᠵᠡᠷᠭᠡ ᠡᠯ᠎ᠡ ᠵᠦᠢᠯ ᠤᠨ | ᠠᠵᠢᠯ ᠢ ᠵᠡᠷᠭᠡ ᠪᠠᠷ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ | ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ ᠶᠢ ᠠᠬᠢᠭᠤᠯᠬᠤ᠂ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠬᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠤ ᠢᠳᠡᠪᠬᠢᠵᠢᠯ ᠢ ᠳᠠᠶᠢᠴᠢᠯᠠᠬᠤ ᠵᠡᠷᠭᠡ ᠶᠢᠨ ᠲᠣᠭᠤᠷᠢᠨ ᠳᠤ ᠠᠷᠭ᠎ᠠ ᠤᠬᠠᠭᠠᠨ ᠭᠠᠷᠭᠠᠵᠤ᠂ ᠠᠷᠠᠳᠴᠢᠯᠠᠯ ᠢᠶᠠᠷ ᠬᠢᠨᠠᠯᠲᠠ | ᠲᠠᠯᠪᠢᠬᠤ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ ᠠᠵᠢᠯᠯᠠᠭ᠎ᠠ ᠳᠤ ᠣᠷᠣᠯᠴᠠᠪᠠ᠃ |