5 ᠰᠠᠷ᠎ᠠ ᠶᠢᠨ 9 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠥᠬᠡᠬᠤᠲᠠ ᠳᠤ ᠯᠠᠨᠵᠧᠦ ᠶᠡᠭᠡ ᠰᠤᠷᠭᠠᠭᠤᠯᠢ ᠲᠠᠢ | ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ᠃ | ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ᠂ ᠯᠠᠨᠵᠧᠦ ᠶᠡᠭᠡ | ᠰᠤᠷᠭᠠᠭᠤᠯᠢ ᠶᠢᠨ ᠵᠠᠬᠢᠷᠤᠯ ᠶᠠᠨ ᠴᠦᠨ ᠬᠤᠸᠠ ᠲᠤᠰ ᠲᠤᠰ ᠬᠤᠶᠠᠷ ᠲᠠᠯ᠎ᠠ ᠶᠢ ᠲᠥᠯᠥᠭᠡᠯᠡᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ | ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠯᠠᠨᠵᠧᠦ ᠶᠡᠭᠡ ᠰᠤᠷᠭᠠᠭᠤᠯᠢ ᠪᠠᠰᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠵᠤ ᠠᠬᠤᠶᠢᠯᠠᠯ ᠲᠠᠢ | ᠬᠠᠮᠲᠤᠷᠠᠯᠴᠠᠭᠠᠨ ᠤ ᠵᠥᠪᠯᠡᠯᠴᠡᠭᠡᠷ ᠲᠤᠬᠢᠷᠠᠯᠴᠠᠵᠠᠢ᠃ | ᠤᠢᠢᠷ᠎ᠠ ᠶᠢᠨ ᠵᠢᠯ ᠳᠤ᠂ ᠯᠠᠨᠵᠧᠦ ᠶᠡᠭᠡ ᠰᠤᠷᠭᠠᠭᠤᠯᠢ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠲᠠᠢ ᠠᠵᠢᠯ ᠲᠦᠷᠦᠯ ᠢᠶᠠᠷ ᠢᠶᠠᠨ ᠬᠠᠮᠲᠤᠷᠠᠯᠴᠠᠬᠤ᠂ | ᠴᠢᠳᠠᠪᠤᠷᠢᠲᠠᠨ ᠢ ᠬᠥᠮᠦᠵᠢᠭᠦᠯᠦᠨ ᠬᠦᠷᠭᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ | ᠲᠠᠯ᠎ᠠ ᠪᠠᠷ ᠤᠯᠠᠨ ᠬᠡᠯᠪᠡᠷᠢ ᠶᠢᠨ᠂ ᠤᠯᠠᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃ ᠲᠣᠰ | ᠤᠳᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠭᠰᠠᠨ ᠢᠶᠠᠷ ᠰᠢᠨ᠎ᠡ ᠭᠠᠷᠤᠭ᠎ᠠ ᠪᠣᠯᠭᠠᠵᠤ᠂ ᠬᠤᠶᠠᠷ | ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠯᠠᠪᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ᠂ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠮᠠᠨ ᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ | ᠴᠢᠳᠠᠪᠤᠷᠢᠲᠠᠨ ᠪᠠ ᠣᠶᠤᠨ ᠤ ᠳᠡᠮᠵᠢᠯᠭᠡ ᠬᠠᠩᠭᠠᠬᠤ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠶᠡᠭᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠭᠠᠷ ᠤᠨ ᠥᠰᠥᠭ | ᠵᠢᠷᠤᠬᠤ ᠶᠣᠰᠣᠯᠠᠯ ᠳᠤ ᠣᠷᠣᠯᠴᠠᠵᠠᠶ᠃ |