5 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ ᠤ ᠵᠥᠪᠯᠡᠯ 2022 ᠣᠨ ᠤ | ᠠᠩᠬᠠᠳᠤᠭᠠᠷ ᠪᠦᠬᠦᠳᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠢᠳᠡᠭᠡᠨ ᠤ ᠠᠮᠤᠷ ᠲᠦᠪᠰᠢᠨ ᠤ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠸᠠᠩ ᠯᠢ ᠰᠢᠶᠠ᠂ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ ᠪᠣᠯ ᠥᠷᠭᠡᠨ ᠤᠯᠠᠨ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ | ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠬᠤ ᠶᠡᠭᠡ ᠶᠠᠪᠤᠳᠠᠯ ᠮᠦᠨ᠂ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯ | ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ︽ᠢᠳᠡᠭᠡᠨ ᠤᠮᠳᠠᠭᠠᠨ ᠤ ᠪᠠᠭ᠎ᠠ ᠶᠠᠪᠤᠳᠠᠯ︾ ᠢ ᠠᠷᠠᠳ ᠤᠨ | ᠠᠮᠢᠳᠤᠷᠠᠯ ᠢ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠳᠡᠭᠡᠳᠤ ᠬᠡᠮᠵᠢᠶᠠᠨ ᠤ ᠰᠣᠨᠣᠷ ᠰᠡᠷᠡᠮᠵᠢ ᠪᠠᠷ ᠠᠯᠳᠠᠰᠢ ᠦᠯᠦ ᠭᠠᠷᠬᠤ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠸᠠᠩ ᠯᠢ ᠰᠢᠶᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠠᠳᠬᠤᠵᠤ ᠴᠢᠩᠭ᠎ᠠ ᠡᠵᠡᠮᠳᠡᠨ ᠴᠢᠩᠭ᠎ᠠ ᠬᠠᠮᠢᠶᠠᠷᠴᠤ᠂ | ︽ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠲᠣᠷᠭᠠᠭᠤᠯᠢ᠂ ᠬᠠᠮᠤᠭ ᠤᠨ ᠴᠢᠩᠭ᠎ᠠ ᠬᠠᠷᠢᠭᠤᠴᠠᠯᠭ᠎ᠠ | ᠨᠡᠬᠡᠮᠵᠢᠯᠡᠬᠦ︾ ᠴᠢᠬᠤᠯᠠ ᠱᠠᠭᠠᠷᠳᠠᠯᠭ᠎ᠠ ᠶᠢ ᠢᠳᠡᠭᠡᠨ ᠤ ᠠᠮᠤᠷ ᠲᠦᠪᠰᠢᠨ ᠤ ᠪᠦᠬᠦ ᠬᠡᠯᠬᠢᠶ᠎ᠡ ᠳᠤ ᠲᠤᠭᠤᠰᠢᠯᠠᠭᠤᠯᠵᠤ᠂ ᠤᠯᠠᠨ ᠲᠦᠮᠡᠨ ᠤ ︽ᠢᠳᠡᠭᠡᠨ ᠤᠮᠳᠠᠭᠠᠨ ᠤ | ᠠᠶᠦᠯᠬᠦᠢ︾ ᠶᠢ ᠡᠷᠡᠰ ᠰᠠᠶᠢᠲᠤᠷ ᠰᠠᠬᠢᠬᠤ ᠬᠡᠷᠡᠭᠲᠡᠢ᠃ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠤᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦᠨ ᠢ ᠪᠦᠷᠬᠦᠬᠦᠯᠬᠦ᠂ ᠪᠦᠬᠦᠨ ᠢ ᠬᠠᠮᠤᠷᠬᠤ ᠬᠡᠯᠪᠡᠷᠢ ᠪᠠᠷ ᠲᠥᠪᠯᠡᠷᠡᠭᠦᠯᠦᠨ | ᠴᠡᠪᠡᠷᠯᠡᠬᠦ ᠬᠡᠷᠡᠭᠲᠡᠢ᠃ ᠡᠬᠢ ᠡᠭᠦᠰᠦᠯ ᠠᠴᠠ ᠨᠢ ᠵᠠᠰᠠᠬᠤ ᠶᠢ ᠴᠢᠩᠭ᠎ᠠ ᠠᠳᠬᠤᠵᠤ᠂ ᠪᠣᠭᠤᠮᠲᠠ ᠬᠤᠷᠢᠭ᠎ᠠ ᠶᠢ ᠤᠷᠤᠭᠰᠢ ᠰᠢᠯᠵᠢᠭᠦᠯᠵᠤ᠂ ᠬᠥᠷᠥᠰᠥ ᠰᠢᠷᠣᠢ ᠶᠢᠨ | ᠪᠣᠬᠢᠷᠲᠤᠯ ᠤᠨ ᠡᠬᠢ ᠶᠢ ᠵᠠᠰᠠᠬᠤ ᠪᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠤᠰᠤᠨ ᠭᠠᠷᠤᠯᠲᠠ ᠶᠢᠨ ᠠᠮᠤᠷ ᠲᠦᠪᠰᠢᠨ ᠤ ᠶᠠᠰᠤ ᠴᠢᠨᠠᠷ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭ᠎ᠠ ᠠᠳᠬᠤᠵᠤ᠂ ᠬᠦᠢᠳᠡᠨ ᠬᠡᠯᠬᠢᠶᠡᠲᠦ ᠪᠠᠷᠠᠭᠠᠨ ᠤ | ᠭᠦᠢᠯᠭᠡᠭᠡ ᠪᠣᠯᠤᠨ ᠡᠮ ᠤᠨ ᠵᠦᠶᠯᠡᠰ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠭᠤᠭᠴᠤᠭ᠎ᠠ ᠶᠢᠨ ᠠᠶᠤᠯ ᠲᠦᠭᠰᠢᠭᠦᠷᠢ ᠭᠡᠮ ᠰᠣᠭᠤᠭ ᠢ ᠴᠢᠩᠭ᠎ᠠ | ᠰᠡᠷᠭᠡᠶᠢᠯᠡᠬᠦ ᠬᠡᠷᠡᠭᠲᠡᠢ᠃ ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠪᠣᠯᠤᠨ ᠬᠤᠲᠠ ᠬᠥᠳᠡᠭᠡ ᠶᠢᠨ ᠠᠭᠤᠯᠵᠠᠷ ᠬᠡᠰᠡᠭ ᠢ | ᠴᠢᠩᠭ᠎ᠠ ᠠᠩᠬᠠᠷᠤᠨ ᠬᠤᠳᠠᠯ ᠬᠠᠭᠤᠷᠮᠠᠭ ᠴᠢᠨᠠᠷ ᠮᠠᠭᠤ ᠢᠳᠡᠭᠡᠨ ᠢ ᠵᠠᠰᠠᠬᠤ ᠠᠵᠢᠯᠯᠠᠭ᠎ᠠ ᠪᠣᠯᠤᠨ ᠡᠮ ᠤᠨ ᠵᠦᠶᠯᠡᠰ ᠤᠨ ᠡᠵᠡᠩᠨᠡᠯᠲᠡ ᠬᠡᠷᠡᠭᠯᠡᠯᠲᠡ ᠶᠢᠨ ᠲᠤᠰᠬᠠᠶ | ᠪᠠᠶᠢᠴᠠᠭᠠᠯᠲᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠴᠢᠩᠭ᠎ᠠ ᠠᠳᠬᠤᠵᠤ᠂ ᠨᠡᠩ ᠴᠢᠩᠭ᠎ᠠ ᠪᠠᠷᠢᠮᠵᠢᠶ᠎ᠠ ᠪᠠᠷ | ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠪᠣᠯᠤᠨ ᠰᠤᠷᠭᠠᠭᠤᠯᠢ ᠶᠢᠨ ᠭᠠᠳᠠᠨᠠᠬᠢ ᠲᠥᠪᠯᠡᠷᠡᠭᠦᠯᠦᠨ ᠬᠤᠭᠤᠯᠠ ᠬᠠᠩᠭᠠᠬᠤ ᠨᠢᠭᠡᠴᠢ ᠪᠦᠬᠦᠨ ᠢ ᠵᠢᠭᠰᠠᠭᠠᠨ | ᠪᠠᠶᠢᠴᠠᠭᠠᠵᠤ᠂ ᠬᠡᠦᠬᠡᠳ ᠤᠳ ᠢ ᠢᠳᠡᠵᠤ ᠤᠤᠭᠤᠬᠤ ᠳᠤᠨᠢ ᠪᠠᠶᠠᠷ ᠬᠦᠷ ᠲᠠᠢ ᠪᠠᠶᠢᠯᠭᠠᠵᠤ᠂ ᠭᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ᠃ ᠲᠦᠷᠦᠯ | ᠲᠡᠮᠳᠡᠭ ᠤᠨ ᠪᠠᠷᠢᠮᠵᠢᠶ᠎ᠠ ᠶᠢ ᠬᠦᠴᠦᠲᠡᠶ ᠠᠳᠬᠤᠵᠤ᠂ ᠲᠡᠷᠢᠭᠦᠨ ᠤ ᠬᠢᠷᠢ ᠲᠦᠪᠰᠢᠨ ᠢᠶᠠᠷ ᠪᠠᠷᠢᠮᠵᠢᠶᠠᠯᠠᠭᠰᠠᠨ᠂ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ᠂ | ᠪᠤᠳᠠᠳᠠᠢ ᠬᠡᠷᠡᠭᠴᠡᠭᠡ ᠲᠠᠢ ᠪᠥᠭᠡᠳ ᠲᠤᠰᠠᠲᠠᠶ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭ᠎ᠠ ᠠᠳᠬᠤᠵᠤ᠂ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ ᠤ ᠢᠲᠡᠭᠡᠮᠵᠢ ᠶᠢᠨ ᠲᠠᠩᠰᠠ ᠶᠢ ᠲᠡᠭᠦᠯᠳᠡᠷᠵᠢᠭᠦᠯᠵᠦ᠂ ᠢᠳᠡᠭᠡᠨ ᠤ | ᠬᠦᠷᠢᠶᠡᠨ ᠤ ︽ᠬᠠᠷ᠎ᠠ ᠲᠠᠩᠰᠠ︾ ᠶᠢᠨ ᠲᠦᠷᠢᠮ ᠢ ᠪᠠᠶᠢᠭᠤᠯᠵᠤ᠂ ᠢᠲᠡᠭᠡᠮᠵᠢ ᠶᠢᠨ ᠲᠤᠭ᠎ᠠ ᠪᠠᠷᠢᠮᠲᠠ ᠶᠢ ᠠᠰᠢᠭᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠨᠠᠷᠢᠨ | ᠣᠨᠣᠴᠠᠲᠠᠶ ᠪᠠᠷ ︽ᠵᠢᠷᠤᠭᠯᠠᠬᠤ︾ ᠬᠡᠷᠡᠭᠲᠡᠶ ᠭᠡᠵᠤ ᠴᠢᠬᠤᠯᠠᠴᠢᠯᠠᠪᠠ᠃ | ᠸᠠᠩ ᠯᠢ ᠰᠢᠶᠠ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠨᠡᠶᠢᠭᠡᠮ ᠤᠨ ᠬᠠᠮᠲᠤ ᠪᠠᠷ ᠵᠠᠰᠠᠬᠤ ᠬᠠᠷᠢᠭᠤᠴᠠᠯᠭ᠎ᠠ ᠶᠢ ᠴᠢᠩᠭᠠᠳᠬᠠᠵᠤ᠂ ᠡᠷᠬᠡ ᠬᠠᠷᠢᠭᠤᠴᠠᠯᠭ᠎ᠠ | ᠲᠣᠳᠣᠷᠬᠠᠢ᠂ ᠱᠠᠯᠠᠪᠳᠠᠭᠤᠯᠬᠤ ᠳᠤ ᠬᠦᠴᠦᠲᠡᠢ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠢᠳᠡᠭᠡᠨ ᠪᠠ | ᠡᠮ ᠤᠨ ᠵᠦᠶᠯᠡᠰ ᠤᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ | ᠭᠡᠵᠤ ᠴᠢᠬᠤᠯᠠᠴᠢᠯᠠᠵᠠᠢ᠃ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠾᠧᠩ ᠰᠢᠶᠤᠤ ᠹᠠᠨ᠂ ᠴᠢ᠊ ᠪᠠᠲᠤ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ |