5 ᠰᠠᠷ᠎ᠠ ᠶᠢᠨ 10 ᠤ ᠡᠳᠦᠷ ᠪᠤᠯ ᠳᠤᠮᠳᠠᠳᠤ ᠤᠯᠤᠰ ᠤᠨ ᠲᠦᠷᠦᠯ ᠲᠡᠮᠳᠡᠭ ᠤᠨ ᠡᠳᠦᠷ ᠮᠦᠨ᠃ ᠳᠤᠰ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠲᠦᠷᠦᠯ ᠲᠡᠮᠳᠡᠭ | ᠬᠢᠬᠡᠤᠨ ᠢᠳᠡᠭᠡᠨ ᠤ ᠠᠮᠤᠷ ᠲᠦᠪᠰᠢᠨ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠲᠦᠷᠦᠯ | ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠶᠡᠭᠡ ᠪᠠᠷ ᠳᠡᠭᠡᠭᠰᠢᠯᠡᠭᠦᠯᠵᠦ᠂ ᠲᠦᠷᠦᠯ | ᠲᠡᠮᠳᠡᠭ ᠢᠶᠠᠷ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ ᠬᠠᠮᠤᠭ ᠤᠨ ᠲᠦᠷᠦᠭᠦᠨ ᠳᠤ ᠡᠷᠳᠡᠨᠢ ᠬᠤᠨᠢᠨ ᠤ ᠦᠢᠯᠡᠰ ᠤᠨ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠶᠢᠨ | ᠥᠩᠭᠡᠷᠡᠯᠲᠡ ᠪᠣᠯᠤᠨ ᠲᠦᠷᠦᠯ ᠲᠡᠮᠳᠡᠭ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠢᠨᠠᠷ ᠴᠢᠨᠰᠠᠭ᠎ᠠ ᠪᠠᠶᠢᠪᠠᠯ ᠰᠠᠶ᠋ᠢ ᠲᠦᠷᠦᠯ ᠳᠡᠮᠳᠡᠭ | ᠲᠠᠢ ᠪᠤᠯᠵᠤ᠂ ᠪᠠᠷᠢᠮᠵᠢᠶ᠎ᠠ ᠪᠠᠶᠢᠪᠠᠯ ᠰᠠᠶ᠋ᠢ ᠤᠷᠤᠰᠢᠨ ᠲᠤᠭᠲᠠᠨᠢᠵᠤ ᠴᠢᠳᠠᠨ᠎ᠠ᠃ ᠦᠢᠯᠡᠳᠪᠦᠷᠢᠯᠡᠯ ᠠᠴᠠ ᠦᠢᠯᠡᠴᠢᠯᠡᠭᠡ ᠬᠦᠷᠲᠡᠯᠡᠬᠢ ᠪᠦᠬᠦ ᠶᠠᠪᠤᠴᠠ ᠶᠢᠨ ᠶᠠᠰᠤ | ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠡᠷ᠎ᠡ ᠴᠤᠤᠲᠠᠢ ᠦᠢᠯᠡᠳᠬᠦᠨ ᠤ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠣᠯᠠᠨ ᠨᠡᠶᠢᠲᠡ ᠶᠢᠨ ᠲᠦᠷᠦᠯ ᠲᠡᠮᠳᠡᠭ ᠢ ᠶᠡᠭᠡ ᠪᠠᠷ ᠪᠣᠶᠢᠵᠢᠭᠤᠯᠵᠤ᠂ ᠪᠦᠬᠦᠯᠢ ᠴᠣᠭᠴᠠ ᠶᠢᠨ ᠤᠬᠠᠭᠤᠯᠭ᠎ᠠ ᠶᠢᠨ | ᠦᠶᠯᠡᠳᠦᠯ ᠢ ᠥᠷᠭᠡᠳᠭᠡᠨ᠂ ᠲᠦᠷᠦᠯ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠵᠦ᠂ ︽ᠵᠠᠭᠤᠨ ᠵᠢᠯ ᠤᠨ ᠨᠡᠷᠡᠲᠤ ᠳᠡᠯᠭᠡᠭᠦᠷ︾ ᠢ ᠴᠣᠭᠴᠠᠯᠠᠬᠤ ᠬᠡᠷᠡᠭᠲᠡᠶ᠃ | ᠲᠦᠷᠦᠯ ᠲᠡᠮᠳᠡᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠲᠦᠷᠦᠯ | ᠲᠡᠮᠳᠡᠭ ᠤᠨ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠯᠠᠨ ᠲᠠᠢ ᠡᠮ ᠤᠨ ᠦᠢᠯᠡᠰ ᠲᠤ᠂ ᠸᠠᠩ ᠯᠢ ᠰᠢᠶᠠ ᠦᠢᠯᠡᠳᠬᠦᠨ ᠢ | ᠰᠤᠳᠤᠯᠤᠨ ᠨᠡᠭᠡᠭᠡᠬᠦ᠂ ᠶᠠᠰᠤ ᠴᠢᠨᠠᠷ ᠢ ᠮᠥᠷᠳᠡᠬᠦ᠂ ᠲᠦᠷᠦᠯ ᠲᠡᠮᠳᠡᠭ ᠢ ᠡᠭᠦᠳᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠬᠢ ᠪᠠᠶᠠᠯᠢᠭ ᠤᠨ | ᠳᠠᠪᠠᠭᠤᠯᠢᠭ ᠢᠶᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠵᠠᠬ᠎ᠠ ᠳᠡᠯᠭᠡᠭᠦᠷ ᠤᠨ ᠬᠦᠷᠢᠶᠡᠯᠡᠯ ᠢ ᠣᠯᠤᠭᠰᠠᠨ | ᠰᠢᠨ᠎ᠡ ᠦᠢᠯᠡᠳᠬᠦᠨ ᠢ ᠨᠡᠩ ᠤᠯᠠᠨ ᠨᠡᠭᠡᠭᠡᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠣᠳᠣᠬᠠᠨ ᠳᠤ᠂ ᠮᠠᠨ ᠤ ᠣᠷᠣᠨ ᠨᠢᠭᠡᠨᠲᠡ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭᠠᠨ ᠳᠤ ᠣᠷᠣᠪᠠ᠃ ᠸᠠᠩ ᠯᠢ ᠰᠢᠶᠠ ᠢᠯᠢ ᠣᠲᠣ | ᠦᠶ᠎ᠡ ᠶᠢᠨ ᠤᠶᠤᠨᠴᠢ ᠡᠷᠡᠭᠦᠯ ᠮᠡᠨᠳᠦ ᠶᠢᠨ ᠬᠦᠨᠳᠡᠢ ᠶᠢᠨ ᠤᠯᠤᠰ ᠤᠨ ᠰᠦ ᠶᠢᠨ ᠦᠶᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠤᠨ ᠰᠢᠩᠭᠡᠨ ᠰᠦ ᠶᠢ | ᠤᠶᠤᠨᠴᠢ ᠪᠠᠷ ᠦᠢᠯᠡᠳᠪᠦᠷᠢᠯᠡᠬᠦ ᠪᠥᠬᠦ ᠪᠥᠮᠪᠥᠷᠴᠡᠭ ᠤᠨ ᠬᠡᠪ ᠳᠠᠭᠤᠷᠢᠶᠠᠯ ᠤᠨ ᠰᠠᠭᠤᠷᠢᠨ ᠤ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠶᠯ ᠤᠨ | ᠲᠣᠶᠢᠮᠣ ᠪᠠᠶᠢᠳᠠᠯ᠂ ᠪᠥᠲᠥᠭᠡᠨ ᠪᠠᠶᠢᠭᠤᠯᠤᠯᠲᠠ ᠶᠢᠨ ᠠᠬᠢᠴᠠ ᠵᠢᠴᠢ ᠢᠯᠢ ᠪᠦᠯᠦᠭᠯᠡᠯ ᠤᠨ ᠲᠥᠷᠥᠯ ᠲᠡᠮᠳᠡᠭ ᠤᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ | ᠰᠦ ᠶᠢᠨ ᠦᠶᠯᠡᠰ ᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠶᠳᠪᠦᠷᠢᠯᠡᠵᠦ᠂ ᠪᠥᠬᠦ ᠣᠷᠣᠨ ᠤ ᠬᠦᠴᠦᠨ ᠢ ᠳᠠᠶᠢᠴᠢᠯᠠᠨ ᠰᠦ ᠶᠢᠨ ᠦᠶᠯᠡᠰ ᠢ | ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠶ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠨᠠᠩ ᠣᠯᠠᠨ ᠡᠬᠢ | ᠪᠠᠶᠠᠯᠢᠭ ᠤᠨ ᠬᠦᠴᠦᠨ ᠢ ᠬᠤᠷᠠᠮᠳᠤᠭᠤᠯᠵᠤ᠂ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠥᠨᠳᠡᠶ ᠶᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ᠴᠢᠳᠠᠪᠤᠷᠢᠲᠠᠨ ᠬᠤᠷᠠᠨ ᠴᠤᠭᠯᠠᠷᠠᠭᠰᠠᠨ ᠥᠨᠳᠦᠷᠯᠢᠭ ᠭᠠᠵᠠᠷ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠴᠢ᠊ ᠪᠠᠲᠤ ᠬᠠᠮᠲᠤ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠥᠬᠡᠬᠤᠲᠠ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ |