ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠪᠦᠰᠡ ᠶᠢᠨ ᠦᠨᠡᠯᠡᠨ ᠵᠢᠱᠢᠬᠦ | ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ | ᠠᠬᠢᠭᠤᠯᠬᠤ ᠶᠢᠨ ᠲᠤᠰᠠᠳᠠ᠂ ᠪᠥᠬᠦ ᠣᠷᠣᠨ ᠤ ᠡᠯ᠎ᠡ ᠠᠶᠢᠮᠠᠭ ᠬᠤᠲᠠ ᠵᠢᠴᠢ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠣᠷᠣᠨ ᠪᠦᠰᠡ ᠶᠢᠨ | ᠦᠨᠡᠯᠡᠨ ᠵᠢᠱᠢᠯᠲᠡ ᠶᠢᠨ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠢᠳᠡᠪᠬᠢᠲᠡᠢ ᠭᠦᠢᠴᠡᠳᠬᠡᠵᠦ᠂ ᠣᠷᠣᠨ ᠪᠦᠰᠡ ᠶᠢᠨ ᠦᠨᠡᠯᠡᠨ ᠵᠢᠱᠢᠯᠲᠡ ᠶᠢᠨ | ᠡᠯ᠎ᠡ ᠵᠦᠢᠯ ᠤᠨ ᠠᠵᠢᠯ ᠤᠨ ᠡᠭᠦᠷᠭᠡ ᠶᠢ ᠵᠣᠬᠢᠶᠠᠨ ᠪᠠᠶᠢᠭᠤᠯᠤᠨ ᠠᠬᠢᠭᠤᠯᠵᠤ᠂ ᠣᠳᠣᠬᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠦᠨᠡᠯᠡᠨ ᠵᠢᠱᠢᠵᠦ ᠬᠢᠨᠠᠨ ᠲᠣᠭᠲᠠᠭᠠᠬᠤ ᠭᠤᠭᠴᠤᠭ᠎ᠠ ᠣᠯᠠᠨ᠂ ᠴᠠᠭ ᠨᠢ ᠣᠷᠳᠣ᠂ ᠵᠠᠷᠤᠳᠠᠯ ᠨᠢ ᠠᠷᠪᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠣᠳᠣ | ᠪᠣᠯᠲᠠᠯ᠎ᠠ᠂ ᠪᠥᠬᠦ ᠣᠷᠣᠨ ᠤ 62 ᠨᠡᠭᠡᠭᠡᠯᠲᠡ ᠶᠢᠨ ᠲᠣᠭᠤᠷᠢᠭ ᠨᠢ ᠣᠷᠣᠨ ᠪᠦᠰᠡ ᠶᠢᠨ ᠦᠨᠡᠯᠡᠨ ᠵᠢᠱᠢᠯᠲᠡ ᠶᠢᠨ 644 ᠵᠦᠢᠯᠡᠰ ᠢ ᠪᠡᠶᠡᠯᠡᠭᠦᠯᠵᠦ᠂ ᠪᠡᠶᠡᠯᠡᠭᠦᠯᠦᠭᠰᠡᠨ | ᠨᠣᠷᠮ᠎ᠠ ᠨᠢ 96.7% ᠳᠤ ᠬᠥᠷᠪᠡ᠃ | ᠦᠨᠡᠯᠡᠨ ᠵᠢᠱᠢᠬᠦ ᠵᠦᠢᠯᠡᠰ ᠠᠴᠠ ᠠᠪᠴᠤ ᠦᠵᠡᠪᠡᠯ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠨ ᠵᠢᠱᠢᠬᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢ ᠦᠨᠡᠯᠡᠨ ᠵᠢᠱᠢᠬᠦ᠂ ᠦᠶᠡᠷ ᠤᠰᠤᠳᠤᠯ ᠤᠨ ᠨᠥᠯᠥᠭᠡ ᠶᠢ ᠦᠨᠡᠯᠡᠨ ᠵᠢᠱᠢᠬᠦ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ᠂ ᠭᠧᠣᠯᠣᠭᠢ ᠶᠢᠨ | ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠲᠥᠰᠥᠯ ᠢ ᠨᠤᠲᠠᠯᠠᠬᠤ᠂ ᠴᠢᠬᠤᠯᠠ ᠠᠭᠤᠷᠬᠠᠢ ᠶᠢᠨ ᠡᠬᠢ ᠪᠠᠶᠠᠯᠢᠭ ᠢ | ᠳᠠᠷᠤᠭᠰᠠᠨ ᠢ ᠦᠨᠡᠯᠡᠨ ᠵᠢᠱᠢᠬᠦ ᠵᠡᠷᠭᠡ 7 ᠵᠦᠢᠯᠡᠰ ᠢ ᠪᠦᠬᠦᠨ ᠢ ᠪᠡᠶᠡᠯᠡᠭᠦᠯᠪᠡ︔ ᠤᠰᠤᠨ ᠤ ᠡᠬᠢ ᠪᠠᠶᠠᠯᠢᠭ ᠤᠨ ᠨᠤᠲᠠᠯᠠᠯᠲᠠ᠂ ᠭᠠᠵᠠᠷ ᠬᠥᠳᠡᠯᠦᠯᠲᠡ ᠶᠢᠨ ᠠᠮᠤᠷ | ᠲᠦᠪᠰᠢᠨ ᠤ ᠴᠢᠨᠠᠷ ᠤᠨ ᠦᠨᠡᠯᠡᠯᠲᠡ ᠪᠠ ᠠᠭᠤᠷ ᠠᠮᠢᠰᠬᠤᠯ ᠤᠨ ᠪᠣᠯᠣᠮᠵᠢᠲᠤ ᠴᠢᠨᠠᠷ ᠤᠨ ᠨᠤᠲᠠᠯᠠᠯᠲᠠ ᠵᠡᠷᠭᠡ 3 ᠵᠦᠢᠯ ᠢ ᠶᠠᠭ ᠢᠳᠡᠪᠬᠢᠲᠡᠢ ᠠᠬᠢᠭᠤᠯᠵᠤ ᠪᠠᠶᠢᠨ᠎ᠠ᠃ | ᠠᠶᠢᠮᠠᠭ ᠬᠤᠳᠠ ᠠᠴᠠ ᠠᠪᠴᠤ ᠦᠵᠡᠪᠡᠯ᠂ ᠬᠥᠬᠡᠬᠤᠲᠠ᠂ ᠬᠢᠩᠭᠠᠨ ᠠᠶᠢᠮᠠᠭ᠂ ᠲᠦᠩᠯᠢᠶᠣᠣ ᠬᠤᠳᠠ᠂ ᠤᠯᠠᠭᠠᠨᠬᠠᠳᠠ ᠬᠤᠳᠠ᠂ ᠤᠯᠠᠭᠠᠨᠴᠠᠪ ᠬᠤᠳᠠ᠂ ᠦᠬᠠᠢ | ᠬᠤᠳᠠ᠂ ᠪᠠᠶᠠᠨᠨᠠᠭᠤᠷ ᠬᠤᠳᠠ᠂ ᠡᠷᠢᠶᠡᠨ ᠬᠤᠳᠠ ᠵᠡᠷᠭᠡ 8 ᠠᠶᠢᠮᠠᠭ ᠬᠤᠳᠠ ᠴᠥᠮ ᠪᠡᠶᠡᠯᠡᠭᠦᠯᠵᠡᠢ︔ ᠣᠷᠳᠣᠰ ᠬᠤᠳᠠ᠂ ᠪᠤᠭᠤᠲᠤ ᠬᠤᠳᠠ᠂ ᠬᠥᠯᠥᠨ ᠪᠤᠶᠢᠷ | ᠬᠤᠳᠠ᠂ ᠰᠢᠯᠢ ᠶᠢᠨ ᠭᠤᠣᠯ ᠠᠶᠢᠮᠠᠭ᠂ ᠠᠯᠠᠱᠠ ᠠᠶᠢᠮᠠᠭ ᠵᠡᠷᠭᠡ 5 ᠠᠶᠢᠮᠠᠭ ᠬᠤᠳᠠ ᠶᠢᠨ ᠪᠡᠶᠡᠯᠡᠭᠦᠯᠦᠭᠰᠡᠨ ᠨᠤᠷᠮ᠎ᠠ ᠨᠢ ᠴᠥᠮ 80% ᠠᠴᠠ ᠳᠡᠭᠡᠭᠰᠢ ᠳᠤ ᠬᠥᠷᠪᠡ᠃ | ᠥᠪᠡᠷᠲᠡᠭᠡᠨ ᠵᠠᠰᠠᠬᠤ ᠣᠷᠣᠨ ᠠᠴᠠ ᠡᠯ᠎ᠡ ᠭᠠᠵᠠᠷ ᠤᠨ ᠬᠢᠨ ᠣᠷᠣᠨ ᠪᠦᠰᠡ ᠶᠢᠨ ᠦᠨᠡᠯᠡᠨ ᠵᠢᠱᠢᠯᠲᠡ ᠶᠢᠨ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ | ᠲᠦᠷᠭᠡᠳᠬᠡᠨ ᠠᠬᠢᠭᠤᠯᠵᠤ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠦᠨᠡᠯᠡᠨ ᠵᠢᠱᠢᠬᠦ ᠵᠦᠢᠯᠡᠰ ᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠣᠷᠣᠨ | ᠪᠦᠰᠡ ᠶᠢᠨ ᠦᠨᠡᠯᠡᠨ ᠵᠢᠱᠢᠯᠲᠡ ᠶᠢᠨ ᠦᠷ᠎ᠡ ᠪᠦᠲᠦᠭᠡᠯ ᠢ ᠬᠠᠷᠢᠯᠴᠠᠨ ᠮᠡᠳᠡᠷᠡᠵᠦ ᠬᠠᠮᠲᠤ ᠳᠤ ᠪᠠᠨ ᠬᠦᠷᠲᠡᠵᠦ ᠬᠡᠷᠡᠭᠯᠡᠬᠦ ᠶᠢ ᠵᠡᠷᠭᠡ ᠳᠤ ᠨᠢ ᠪᠡᠶᠡᠯᠡᠭᠦᠯᠬᠦ ᠬᠡᠷᠡᠭᠲᠡᠢ ᠭᠡᠵᠦ | ᠱᠠᠭᠠᠷᠳᠠᠪᠠ᠃ |