| ᠶᠣᠰᠤ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠤᠯᠠᠮ ᠨᠢᠭᠡ ᠴᠢᠨᠠᠭᠰᠢᠳᠠ ᠨᠠᠶᠢᠳᠠᠪᠤᠷᠢᠵᠢᠭᠤᠯᠵᠤ᠂ ᠰᠠᠭᠤᠷᠢ ᠰᠤᠷᠭᠠᠨ | ᠬᠥᠮᠦᠵᠢᠯ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ︽ᠬᠤᠶᠠᠷ ᠢ ᠬᠥᠩᠭᠡᠷᠡᠭᠦᠯᠬᠦ︾ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠬᠤ ᠶᠢᠨ ᠲᠥᠯᠥᠭᠡ᠂ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ︵ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ | ᠬᠠᠮᠢᠶᠠᠷᠤᠯᠲᠠ ᠶᠢᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠤᠨ ᠵᠢᠯᠣᠭᠤᠳᠣᠯᠭ᠎ᠠ | ᠪᠠ ᠵᠢᠷᠤᠮᠵᠢᠯ ᠢ ᠴᠢᠩᠭᠠᠳᠬᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠰᠠᠭᠤᠷᠢ ᠰᠤᠷᠭᠠᠨ ᠬᠥᠮᠦᠵᠢᠯ ᠲᠦᠷᠭᠡᠨ ᠬᠦᠭᠵᠢᠵᠦ᠂ ᠬᠥᠮᠦᠰ ᠤᠨ | ᠠᠩᠬᠠᠷᠤᠯ ᠢ ᠲᠠᠲᠠᠭᠰᠠᠨ ᠠᠮᠵᠢᠯᠲᠠ ᠣᠯᠤᠭᠰᠠᠨ ᠪᠣᠯᠪᠠᠴᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠳᠤ ᠮᠥᠨ ᠯᠠ ᠰᠢᠯᠭᠠᠯᠲᠠ ᠶᠢ ᠠᠷᠭᠠᠴᠠᠭᠠᠬᠤ ᠰᠤᠷᠭᠠᠨ | ᠬᠥᠮᠦᠵᠢᠯ ᠤᠨ ᠬᠠᠨᠳᠤᠰᠢ ᠢᠯᠡᠷᠬᠡᠶ᠂ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠠᠵᠢᠯ ᠵᠢᠷᠤᠮᠵᠢᠯ ᠥᠬᠡᠶ᠂ ᠪᠠᠭᠰᠢ ᠶᠢᠨ ᠬᠢᠴᠢᠶᠡᠯ ᠤᠨ ᠪᠠᠷᠢᠮᠵᠢᠶ᠎ᠠ ᠶᠢᠨ ᠤᠬᠠᠮᠰᠠᠷ | ᠴᠢᠩᠭ᠎ᠠ ᠪᠤᠰᠤ ᠵᠡᠷᠭᠡ ᠲᠣᠪᠤᠶᠢᠮ᠎ᠠ ᠠᠰᠠᠭᠤᠳᠠᠯ ᠣᠷᠣᠰᠢᠵᠤ᠂ ᠵᠢᠯᠣᠭᠤᠳᠣᠯᠭ᠎ᠠ ᠪᠠ ᠵᠢᠷᠤᠮᠵᠢᠯ ᠢ ᠴᠢᠩᠭᠠᠳᠬᠠᠬᠤ ᠴᠢᠬᠤᠯᠠᠲᠠᠶ ᠪᠠᠶᠢᠨ᠎ᠠ᠃ ᠲᠣᠰ ᠤᠳᠠᠭ᠎ᠠ | ᠨᠡᠶᠢᠲᠡᠯᠡᠭᠰᠡᠨ ᠬᠢᠴᠢᠶᠡᠯ ᠤᠨ ᠵᠢᠭᠠᠨ ᠰᠤᠷᠭᠠᠯᠲᠠ ᠶᠢᠨ ᠬᠠᠮᠢᠶᠠᠷᠤᠯᠲᠠ ᠶᠢᠨ ᠵᠢᠷᠤᠮᠵᠢᠯ ᠨᠢ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠢᠭᠠᠨ | ᠰᠤᠷᠭᠠᠯᠲᠠ ᠶᠢᠨ ᠠᠵᠢᠯ ᠳᠤ ᠮᠡᠳᠡᠯᠭᠡ ᠶᠢᠨ ᠴᠢᠨᠠᠷᠲᠠᠶ ᠱᠠᠭᠠᠷᠳᠠᠯᠭ᠎ᠠ ᠭᠠᠷᠭᠠᠵᠠᠶ᠂ ᠡᠭᠦᠨ ᠳᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ᠂ ᠬᠢᠴᠢᠶᠡᠯ ᠤᠨ | ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠶᠠᠪᠤᠴᠠ ᠶᠢᠨ ᠬᠠᠮᠢᠶᠠᠷᠤᠯᠲᠠ᠂ ᠳᠠᠰᠬᠠᠯ ᠵᠢᠴᠢ ᠬᠢᠴᠢᠶᠡᠯ ᠤᠨ ᠳᠠᠷᠠᠭᠠᠬᠢ ᠬᠠᠮᠢᠶᠠᠷᠤᠯᠲᠠ᠂ ᠵᠢᠭᠠᠨ | ᠰᠤᠷᠭᠠᠯᠲᠠ ᠶᠢᠨ ᠦᠨᠡᠯᠡᠯᠲᠡ᠂ ᠵᠢᠭᠠᠨ ᠰᠤᠷᠭᠠᠯᠲᠠ ᠶᠢᠨ ᠰᠤᠳᠤᠯᠭᠠᠨ ᠵᠡᠷᠭᠡ ᠠᠭᠤᠯᠭ᠎ᠠ ᠪᠠᠭᠲᠠᠨ᠎ᠠ᠃ ᠲᠤᠰ ᠵᠢᠷᠤᠮᠵᠢᠯ ᠳᠤ ᠵᠢᠭᠠᠨ ᠰᠤᠷᠭᠠᠯᠲᠠ ᠶᠢᠨ ᠠᠵᠢᠯ ᠤᠨ | ᠦᠵᠡᠯ ᠰᠠᠨᠠᠭᠠᠴᠢ ᠴᠢᠨᠠᠷ ᠢ ᠴᠢᠬᠤᠯᠠᠴᠢᠯᠠᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠭᠡᠨ ᠤ ᠰᠠᠯᠠᠭᠠᠨ ᠤ ᠦᠵᠡᠯ ᠰᠠᠨᠠᠭ᠎ᠠ ᠤᠯᠤᠰ ᠲᠥᠷᠥ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢ ᠲᠣᠳᠤᠷᠬᠠᠶᠢᠯᠠᠪᠠ᠃ ᠡᠭᠦᠨ ᠤ ᠬᠠᠮᠲᠤ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ | ᠱᠠᠯᠠᠪᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ᠂ ᠵᠢᠭᠠᠬᠤ ᠶᠢ ᠰᠣᠳᠤᠯᠬᠤ ᠰᠠᠯᠠᠭ᠎ᠠ ᠮᠥᠴᠢᠷ ᠤᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠵᠢᠷᠤᠮᠵᠢᠭᠤᠯᠤᠨ | ᠲᠣᠳᠣᠷᠬᠠᠶᠢᠯᠠᠵᠤ᠂ ᠬᠢᠴᠢᠶᠡᠯ ᠠᠴᠠ ᠡᠮᠦᠨᠡᠬᠢ ᠪᠡᠯᠡᠳᠬᠡᠯ᠂ ᠬᠠᠮᠲᠤ ᠪᠠᠷ ᠬᠢᠴᠢᠶᠡᠯ ᠪᠡᠯᠡᠳᠬᠡᠬᠦ᠂ ᠨᠢᠭᠡᠴᠢ ᠶᠢᠨ ᠵᠢᠭᠠᠨ ᠰᠤᠷᠭᠠᠯᠲᠠ᠂ ᠮᠡᠳᠡᠭᠡ ᠵᠠᠩᠭᠢ ᠶᠢᠨ ᠮᠡᠷᠭᠡᠵᠢᠯ ᠤᠨ | ᠬᠡᠷᠡᠭᠯᠡᠯᠲᠡ᠂ ᠵᠢᠭᠠᠨ ᠰᠤᠷᠭᠠᠬᠤ ᠠᠷᠭ᠎ᠠ ᠮᠠᠶ᠋ᠢᠭ᠂ ᠰᠤᠷᠬᠤ ᠠᠷᠭ᠎ᠠ ᠶᠢᠨ ᠵᠢᠯᠣᠭᠤᠳᠣᠯᠭ᠎ᠠ ᠵᠡᠷᠭᠡ ᠡᠯ᠎ᠡ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ | ᠵᠠᠩᠭᠢᠯᠠᠭ᠎ᠠ ᠶᠢᠨ ᠭᠤᠭᠴᠤᠭ᠎ᠠ ᠶᠢᠨ ᠵᠢᠯᠣᠭᠤᠳᠣᠯᠭ᠎ᠠ ᠶᠢ ᠴᠢᠩᠭᠠᠳᠬᠠᠪᠠ᠃ ᠡᠭᠦᠨ ᠠᠴᠠ ᠭᠠᠳᠠᠨ᠎ᠠ᠂ ᠵᠢᠷᠤᠮᠵᠢᠯ ᠳᠤ ᠪᠠᠰᠠ ᠳᠠᠰᠬᠠᠯ ᠤᠨ ᠬᠡᠷᠡᠭᠵᠢᠭᠦᠯᠦᠯᠲᠡ᠂ ᠬᠠᠷᠢᠭᠤ | ᠲᠤᠰᠬᠠᠯ ᠵᠡᠷᠭᠡ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠪᠠᠭᠰᠢ ᠶᠢᠨ ᠳᠠᠰᠬᠠᠯ ᠤᠨ ᠵᠢᠷᠤᠭ ᠲᠥᠯᠦᠪᠯᠡᠭᠡ ᠪᠠ ᠬᠡᠷᠡᠭᠵᠢᠭᠦᠯᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠪᠡ᠃ ᠵᠢᠷᠤᠮᠵᠢᠯ ᠳᠤ᠂ ᠰᠤᠷᠭᠠᠭᠤᠯᠢ ᠬᠢᠴᠢᠶᠡᠯ ᠤᠨ ᠪᠠᠶᠢᠭᠤᠯᠤᠯᠲᠠ ᠶᠢᠨ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠭᠠᠭᠤᠯᠢ ᠶᠢᠨ | ᠵᠠᠬᠢᠷᠤᠯ ᠣᠲᠣ ᠦᠶ᠎ᠡ ᠶᠢᠨ ᠬᠢᠴᠢᠶᠡᠯ ᠤᠨ ᠤᠳᠤᠷᠢᠳᠬᠤ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠮᠥᠨ ᠰᠦᠯᠵᠢᠶᠡᠨ ᠳᠡᠭᠡᠷᠡᠬᠢ ᠵᠢᠭᠠᠨ | ᠰᠤᠷᠭᠠᠯᠲᠠ ᠶᠢᠨ ᠬᠡᠯᠪᠡᠷᠢ᠂ ᠴᠠᠭ ᠲᠤ ᠴᠢᠭᠯᠡᠭᠦᠯᠦᠨ ᠵᠢᠯᠤᠭᠤᠳᠬᠤ ᠴᠢᠨᠠᠷᠲᠠᠢ ᠰᠠᠨᠠᠯ ᠳᠤᠷᠠᠳᠴᠤ᠂ ᠬᠢᠴᠢᠶᠡᠯ ᠤᠨ ᠳᠠᠷᠠᠭᠠᠬᠢ ᠦᠢᠯᠡᠴᠢᠯᠡᠭᠡ᠂ ᠨᠡᠶᠢᠭᠡᠮ ᠤᠨ | ᠪᠦᠯᠬᠦᠮ ᠤᠨ ᠠᠵᠢᠯᠯᠠᠭ᠎ᠠ᠂ ᠬᠡᠷ ᠪᠦᠯᠢ ᠰᠤᠷᠭᠠᠭᠤᠯᠢ ᠬᠠᠮᠲᠤ ᠪᠠᠷ ᠪᠠᠶᠢᠭᠤᠯᠬᠤ ᠵᠡᠷᠭᠡ ᠠᠭᠤᠯᠭ᠎ᠠ ᠳᠤ ᠠᠵᠢᠯ ᠤᠨ ᠱᠠᠭᠠᠷᠳᠠᠯᠭ᠎ᠠ ᠳᠤᠷᠠᠳᠬᠤ ᠬᠡᠷᠡᠭᠲᠡᠶ ᠭᠡᠵᠡᠢ᠃ | ᠣᠶᠢᠯᠠᠭᠠᠭᠰᠠᠨ ᠢᠶᠠᠷ᠂ ᠣᠳᠣᠬᠠᠨ ᠳᠤ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ 21 ᠬᠢᠴᠢᠶᠡᠯ ᠲᠥᠷᠥᠯ ᠤᠨ ᠵᠢᠭᠠᠨ | ᠰᠤᠷᠭᠠᠯᠲᠠ ᠶᠢᠨ ᠦᠨᠳᠦᠰᠦᠨ ᠱᠠᠭᠠᠷᠳᠠᠯᠭ᠎ᠠ ᠶᠢ ᠪᠦᠬᠦᠨ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠬᠢᠴᠢᠶᠡᠯ ᠲᠦᠷᠦᠯ ᠤᠨ ᠳᠠᠰᠬᠠᠯ ᠳᠠᠭᠠᠭᠠᠯᠭᠠᠪᠤᠷᠢ ᠶᠢᠨ ᠵᠢᠷᠤᠭ ᠲᠥᠯᠥᠪᠯᠡᠭᠡ ᠪᠠ ᠬᠡᠷᠡᠭᠵᠢᠭᠦᠯᠬᠦ ᠵᠦᠭᠯᠡᠭᠦᠷ ᠢ ᠶᠠᠭ ᠲᠣᠭᠲᠠᠭᠠᠵᠤ ᠪᠠᠶᠢᠨ᠎ᠠ᠃ ᠳᠠᠬᠢᠭᠠᠳ ᠲᠣᠰ | ᠤᠳᠠᠭᠠᠨ ᠤ ᠵᠢᠷᠤᠮᠵᠢᠯ ᠢ ᠤᠶᠠᠯᠳᠤᠭᠤᠯᠤᠨ ᠨᠡᠶᠢᠲᠡᠯᠡᠵᠦ᠂ ᠨᠡᠯᠢᠶᠡᠳ ᠪᠦᠷᠢᠨ ᠲᠡᠭᠦᠯᠳᠡᠷ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮ ᠢ | ᠠᠩᠬ᠎ᠠ ᠠᠯᠬᠤᠮ ᠪᠦᠷᠢᠯᠳᠦᠭᠦᠯᠵᠦ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠬᠥᠲᠥᠯᠦᠨ ᠵᠢᠯᠣᠭᠤᠳᠬᠤ ᠪᠠ ᠵᠢᠷᠤᠮᠵᠢᠭᠤᠯᠬᠤ᠂ ᠰᠤᠷᠭᠠᠨ | ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ |