| 5 ᠳ᠋ᠤᠭᠠᠷ ᠰᠠᠷ᠎ᠠ ᠶᠢᠨ 10 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠳᠤ ᠲᠤᠬᠠᠢ ᠶᠢᠨ ᠭᠠᠵᠠᠷ ᠲᠣᠳᠣᠯᠠᠭᠰᠠᠨ ᠤᠨ | ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ | ᠲᠤᠬᠠᠢ ᠶᠢᠨ ᠭᠠᠵᠠᠷ ᠤᠨ 2 ᠲᠣᠳᠣᠯᠠᠭᠰᠠᠨ ᠡᠪᠡᠳᠴᠢᠨ ᠤ ᠵᠢᠱᠢᠶ᠎ᠡ ︵ᠴᠥᠮ ᠬᠦᠯᠦᠨ ᠪᠤᠶᠢᠷ ᠬᠤᠲᠠ ᠳᠤ ᠪᠤᠢ︶ ᠢᠯᠡᠷᠢᠰᠢᠵᠦ ᠡᠮᠨᠡᠯᠭᠡ ᠠᠴᠠ ᠭᠠᠷᠪᠠ᠃ | 5 ᠳ᠋ᠤᠭᠠᠷ ᠰᠠᠷ᠎ᠠ ᠶᠢᠨ 10 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ | ᠲᠣᠳᠤᠯᠠᠭᠰᠠᠨ ᠡᠪᠡᠳᠴᠢᠨ ᠤ ᠵᠢᠱᠢᠶ᠎ᠡ 17 ᠪᠠᠶᠢᠨ᠎ᠠ᠂ ᠡᠭᠦᠨ ᠳᠤ ᠬᠦᠯᠦᠨ ᠪᠤᠶᠢᠷ ᠬᠤᠲᠠ ᠳᠤ 16᠂ ᠤᠯᠠᠭᠠᠨᠬᠠᠳᠠ ᠬᠤᠲᠠ ᠳᠤ 1 ᠪᠤᠢ᠃ ᠬᠢᠯᠢ ᠶᠢᠨ | ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 4 ︵ᠴᠥᠮ ᠬᠥᠬᠡᠬᠤᠲᠠ ᠬᠤᠲᠠ ᠳᠤ︶ ᠪᠠᠶᠢᠨ᠎ᠠ᠃ ᠪᠦᠬᠦᠨ ᠢ ᠲᠣᠭᠲᠠᠭᠰᠠᠨ | ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃ | |