ᠸᠠᠩ ᠯᠢ ᠰᠢᠶᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/12
      ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠠᠴᠠ ᠡᠮᠦᠨᠡᠬᠡᠨ᠂ 5 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠪᠣᠯᠤᠨ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠳᠤ ᠭᠦᠨᠵᠡᠭᠡᠶᠢᠷᠡᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

2.jpg

1.jpg

3.jpg

      ᠸᠠᠩ ᠯᠢ ᠰᠢᠶᠠ ᠤᠷᠢᠳ ᠬᠤᠵᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠠᠩᠭᠠᠶᠢᠯᠲᠠ ᠶᠢ ᠲᠦᠷᠭᠡᠨ ᠮᠡᠳᠡᠭᠦᠯᠬᠦ

ᠪᠠ ᠤᠷᠢᠳᠴᠢᠯᠠᠨ ᠰᠡᠷᠡᠮᠵᠢᠯᠡᠭᠦᠯᠬᠦ ᠲᠥᠪ᠂ ᠬᠥᠬᠡᠬᠤᠲᠠ ᠶᠢᠨ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠲᠥᠪ ᠥᠷᠲᠡᠭᠡ ᠳᠤ ᠭᠦᠨᠵᠡᠭᠡᠶᠢᠷᠡᠵᠦ᠂ ᠭᠠᠵᠠᠷ

ᠬᠥᠳᠡᠯᠦᠯᠲᠡ ᠶᠢ ᠬᠢᠨᠠᠨ ᠬᠡᠮᠵᠢᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠵᠡᠷᠭᠡ

ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠳᠤ ᠡᠩ ᠤᠨ ᠴᠠᠭ ᠲᠤ ᠬᠦᠴᠦ

ᠣᠷᠣᠭᠤᠯᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠲᠥᠰᠦᠭᠡᠯᠡᠵᠦ

ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ

ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃

4.jpg

5.jpg

6.jpg

 

      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠳᠠᠭᠠᠭᠤᠯᠢ ᠣᠳᠣᠨ ᠤ ᠠᠯᠤᠰ ᠰᠡᠷᠡᠯ ᠤᠨ ᠲᠥᠪ ᠪᠠ ᠬᠥᠬᠡᠬᠤᠲᠠ ᠶᠢᠨ ᠴᠠᠭ

ᠠᠭᠤᠷ ᠤᠨ ᠥᠷᠲᠡᠭᠡ ᠳᠤ᠂ ᠸᠠᠩ ᠯᠢ ᠰᠢᠶᠠ ᠭᠠᠮᠰᠢᠭ ᠤᠨ ᠴᠢᠨᠠᠷᠲᠠᠶ ᠴᠠᠭ ᠠᠭᠤᠷ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ᠂ ᠬᠥᠮᠦᠨ ᠤ ᠬᠦᠴᠦ ᠪᠠᠷ ᠴᠠᠭ

ᠠᠭᠤᠷ ᠢ ᠨᠦᠯᠦᠬᠡᠯᠡᠬᠦ ᠠᠵᠢᠯ᠂ ᠴᠠᠭ ᠠᠭᠤᠷ ᠤᠨ ᠦᠶᠯᠡᠴᠢᠯᠡᠭᠡ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠮᠢᠶ᠎ᠠ ᠪᠥᠬᠦᠶ ᠠᠵᠢᠯ ᠢ ᠨᠠᠷᠢᠨ

ᠣᠶᠢᠯᠠᠭᠠᠪᠠ᠃ ᠲᠡᠷᠡ᠂ ᠣᠷᠣᠨ ᠨᠤᠲᠤᠭ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠴᠠᠭ ᠠᠭᠤᠷ ᠤᠨ ᠠᠵᠢᠯ ᠤᠨ ᠦᠶᠯᠡᠴᠢᠯᠡᠭᠡᠨ ᠤ ᠠᠭᠤᠯᠭ᠎ᠠ ᠪᠠᠨ

ᠲᠠᠰᠤᠷᠠᠯᠲᠠ ᠥᠬᠡᠶ ᠥᠷᠭᠡᠳᠭᠡᠵᠦ᠂ ᠦᠶᠯᠡᠳᠪᠦᠷᠢᠯᠡᠯ ᠠᠮᠢᠳᠤᠷᠠᠯ ᠳᠤ ᠨᠠᠩ ᠣᠯᠠᠨ ᠤᠨᠤᠪᠴᠢᠳᠠᠢ᠂ ᠨᠠᠷᠢᠯᠢᠭ ᠦᠶᠯᠡᠴᠢᠯᠡᠭᠡ ᠬᠠᠩᠭᠠᠬᠤ ᠬᠡᠷᠡᠭᠲᠡᠶ᠃ ᠠᠮᠤᠷ

ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠣᠯᠪᠠᠰᠤᠷᠠᠯ ᠢ ᠪᠠᠶᠢᠩᠭᠤᠵᠢᠭᠤᠯᠤᠨ ᠵᠣᠬᠢᠶᠠᠨ ᠪᠠᠶᠢᠭᠤᠯᠵᠤ ᠥᠷᠨᠢᠭᠦᠯᠦᠨ᠂ ᠪᠦᠬᠦ

ᠨᠡᠶᠢᠭᠡᠮ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠪᠣᠯᠤᠨ ᠭᠠᠮᠰᠢᠭ ᠠᠴᠠ ᠵᠠᠶᠢᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠲᠠᠰᠤᠷᠠᠯᠲᠠ

ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠠᠮᠲᠤ ᠪᠠᠶᠢᠴᠠᠭᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ

ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ