5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠥᠪᠥᠷ ᠮᠣᠩᠭᠤᠯ ᠤᠨ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤ ᠶᠢᠨ ᠲᠣᠬᠢᠷᠠᠭᠤᠯᠤᠨ | ᠵᠢᠯᠣᠭᠤᠳᠬᠤ ᠲᠥᠪ᠂ ᠬᠥᠬᠡᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠴᠤ ᠪᠠᠷᠢᠨ ᠭᠦᠶᠴᠡᠳᠭᠡᠬᠦ ᠦᠶᠯᠡᠴᠢᠯᠡᠭᠡᠨ ᠤ ᠲᠥᠪ ᠲᠤ ᠬᠦᠷᠴᠦ᠂ ᠵᠠᠰᠠᠭ ᠤᠨ | ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠢ ᠪᠠᠶᠢᠴᠠᠭᠠᠨ ᠰᠤᠳᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠠᠷᠠᠳ ᠲᠤ ᠲᠥᠬᠦᠮ | ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠷ ᠤᠳᠤᠷᠢᠳᠤᠮᠵᠢ ᠪᠣᠯᠭᠠᠵᠤ᠂ ᠪᠥᠬᠦ ᠣᠷᠣᠨ ᠤ 12345 ᠬᠠᠯᠠᠮᠰᠢᠯ ᠤᠲᠠᠰᠤ ᠶᠢᠨ ᠲᠠᠪᠴᠠᠩ ᠢ ᠰᠠᠶᠢᠲᠤᠷ | ᠪᠠᠶᠢᠭᠤᠯᠤᠨ ᠰᠠᠶᠢᠲᠤᠷ ᠬᠡᠷᠡᠭᠯᠡᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠵᠦ᠂ ᠪᠣᠳᠠᠲᠤ ᠶᠠᠪᠤᠳᠠᠯ ᠢ ᠪᠣᠳᠠᠲᠠᠶ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ | | | | | | | | ᠥᠪᠡᠷᠲᠡᠭᠡᠨ ᠵᠠᠰᠠᠬᠤ ᠣᠷᠣᠨ ᠤ 12345 ᠬᠠᠯᠠᠮᠰᠢᠯ ᠤᠲᠠᠰᠤ ᠶᠢᠨ ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠤ ᠳᠠᠷᠠᠭ᠎ᠠ ᠸᠠᠩ ᠯᠢ ᠰᠢᠶᠠ᠂ 12345 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯ ᠢ ᠰᠠᠶᠢᠲᠤᠷ ᠬᠢᠬᠦ ᠪᠣᠯ | ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠭᠠᠷᠳᠠᠴᠠ ᠮᠥᠨ᠂ ᠣᠯᠠᠨ ᠲᠦᠮᠡᠨ ᠪᠠ | ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠢᠶᠳᠪᠦᠷᠢᠯᠡᠬᠦ ᠪᠦᠲᠦᠮᠵᠢᠲᠡᠶ ᠠᠷᠭ᠎ᠠ ᠵᠠᠮ ᠮᠥᠨ᠃ ᠠᠮᠵᠢᠯᠲᠠ ᠲᠠᠢ ᠲᠤᠷᠰᠢᠯᠭ᠎ᠠ ᠪᠠ ᠲᠡᠷᠢᠭᠦᠨ ᠤ ᠠᠷᠭ᠎ᠠ ᠪᠠᠷᠢᠯ ᠢ | ᠰᠤᠷᠤᠯᠴᠠᠨ ᠲᠣᠯᠢᠳᠠᠵᠤ᠂ ᠡᠯ᠎ᠡ ᠵᠦᠶᠯ ᠤᠨ ᠡᠬᠢ ᠪᠠᠶᠠᠯᠢᠭ ᠢ ᠨᠡᠶᠢᠳᠭᠡᠵᠦ᠂ ᠠᠶᠢᠮᠠᠭ ᠬᠤᠲᠠ ᠶᠢᠨ ᠱᠠᠲᠤᠨ ᠤ ᠬᠠᠯᠠᠮᠰᠢᠯ ᠤᠲᠠᠰᠤ ᠶᠢᠨ ᠲᠠᠪᠴᠠᠩ ᠢ ᠪᠦᠲᠦᠮᠵᠢᠲᠡᠶ | ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠯᠠᠮᠰᠢᠯ ᠤᠲᠠᠰᠤ ᠶᠢ ᠳᠣᠭᠢᠷᠠᠭᠤᠯᠤᠨ ᠵᠢᠯᠣᠭᠤᠳᠬᠤ ᠲᠥᠪ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ | ᠲᠥᠯᠥᠪᠵᠢᠭᠦᠯᠦᠨ ᠲᠥᠯᠥᠪᠯᠡᠬᠦ ᠬᠡᠷᠡᠭᠲᠡᠶ᠃ ᠪᠥᠬᠦ ᠶᠠᠪᠤᠴᠠ ᠶᠢᠨ ᠠᠵᠢᠯᠯᠠᠭᠠᠨ ᠤ ᠵᠦᠭᠯᠡᠭᠦᠷ ᠢ ᠲᠦᠷᠭᠡᠪᠴᠢᠯᠡᠨ ᠪᠠᠶᠢᠭᠤᠯᠵᠤ᠂ ᠡᠯ᠎ᠡ ᠭᠤᠭᠴᠤᠭ᠎ᠠ ᠶᠢᠨ ᠠᠵᠢᠯ ᠤᠨ | ᠲᠠᠷᠠᠭᠠᠯᠠᠯ ᠪᠠ ᠪᠣᠳᠠᠲᠠᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠠᠵᠢᠯ ᠤᠨ ᠪᠢᠲᠡᠭᠦᠦ ᠭᠤᠭᠴᠤᠭ᠎ᠠ ᠶᠢ ᠪᠦᠷᠢᠯᠳᠦᠭᠦᠯᠬᠦ ᠬᠡᠷᠡᠭᠲᠡᠶ᠃ ᠠᠵᠢᠯᠲᠠᠨ ᠤ | ᠪᠣᠯᠪᠠᠰᠤᠷᠠᠯ ᠪᠠ ᠰᠠᠯᠠᠭ᠎ᠠ ᠮᠥᠴᠢᠷ ᠤᠨ ᠵᠣᠯᠭᠠᠭᠤᠯᠤᠯᠲᠠ ᠶᠢ ᠴᠢᠩᠭᠠᠳᠬᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠭᠦᠶᠴᠡᠳᠭᠡᠬᠦ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ ᠬᠠᠮᠲᠤᠷᠠᠯ ᠬᠦᠴᠦᠨ ᠢ ᠪᠣᠶ ᠪᠣᠯᠭᠠᠬᠤ ᠬᠡᠷᠡᠭᠲᠡᠶ᠃ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠭᠡᠳᠡᠷᠬᠦ ᠰᠢᠬᠠᠮᠳᠠᠭᠤᠯᠵᠤ ᠪᠠᠶᠢᠭᠠᠳ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠲᠦᠷᠭᠡᠨ ᠪᠥᠭᠡᠳ ᠪᠦᠲᠦᠮᠵᠢᠲᠡᠢ | ᠬᠠᠷᠢᠭᠤᠯᠲᠠ ᠥᠭᠴᠦ᠂ ᠤᠯᠠᠨ ᠲᠦᠮᠡᠨ ᠪᠠ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ 12345 ᠦᠢᠯᠡᠴᠢᠯᠡᠭᠡᠨ ᠤ ᠬᠠᠯᠠᠮᠰᠢᠯ ᠤᠲᠠᠰᠤ ᠲᠠᠢ ᠣᠷᠭᠠᠨᠢᠭ ᠢᠶᠠᠷ ᠤᠶᠠᠯᠳᠤᠭᠤᠯᠵᠤ᠂ ᠬᠠᠯᠠᠮᠰᠢᠯ | ᠤᠲᠠᠰᠤ ᠶᠢᠨ ᠲᠠᠪᠴᠠᠩ ᠤᠨ ᠦᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠬᠡᠵᠤ ᠵᠢᠭᠠᠵᠤ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ | ᠬᠤᠸᠠᠩ ᡁᠢ ᠴᠢᠶᠠᠩ ᠬᠠᠮᠲᠤ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ | ᠬᠥᠬᠡᠬᠤᠲᠠ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ |