ᠰᠦᠨ ᠱᠤᠤ ᠴᠧᠩ ᠥᠪᠥᠷ ᠮᠣᠩᠭᠤᠯ ᠤᠨ ᠴᠡᠷᠢᠭ ᠤᠨ ᠲᠣᠭᠤᠷᠢᠭ ᠪᠣᠯᠤᠨ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠬᠢ ᠪᠠᠷ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2022/5/12
      5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠥᠪᠥᠷ ᠮᠣᠩᠭᠤᠯ ᠤᠨ ᠴᠡᠷᠢᠭ ᠤᠨ ᠲᠣᠭᠤᠷᠢᠭ ᠪᠣᠯᠤᠨ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠪᠠᠶᠢᠭᠤᠯᠭ᠎ᠠ ᠪᠠᠷ ᠲᠤᠭᠤᠷᠢᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠲᠤᠬᠠᠶ ᠴᠡᠷᠢᠭ ᠠᠩᠭᠢ ᠶᠢᠨ ᠰᠠᠨᠠᠯ ᠰᠠᠨᠠᠭᠤᠯᠭ᠎ᠠ ᠶᠢ ᠰᠣᠨᠣᠰᠴᠤ᠂ ᠴᠡᠷᠢᠭ ᠠᠩᠭᠢ ᠶᠢᠨ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠪᠠ᠃
1.jpg
2.jpg
      ᠰᠦᠨ ᠱᠤᠤ ᠴᠧᠩ ᠤᠷᠢᠳ ᠬᠤᠵᠢᠳ ᠴᠡᠷᠢᠭ ᠤᠨ ᠲᠣᠭᠤᠷᠢᠭ ᠤᠨ ᠴᠡᠷᠢᠭ ᠤᠨ ᠲᠡᠦᠬᠡ ᠶᠢᠨ ᠣᠷᠳᠣᠨ᠂ ᠵᠡᠪᠰᠡᠭᠲᠦ ᠴᠠᠭᠳᠠᠭ᠎ᠠ ᠶᠢᠨ ᠶᠡᠷᠦᠩᠬᠡᠢ ᠠᠩᠬᠢ ᠶᠢᠨ ᠲᠡᠦᠬᠡ ᠶᠢᠨ ᠣᠷᠳᠣᠨ ᠳᠤ ᠬᠦᠷᠴᠦ᠂ ᠪᠣᠳᠠᠲᠤ ᠪᠣᠳᠠᠰ᠂ ᠱᠤᠭᠤᠮᠠᠯ᠂ ᠬᠡᠷᠡᠯ ᠵᠢᠷᠤᠭ ᠦᠰᠦᠭ ᠪᠢᠴᠢᠭ ᠤᠨ ᠦᠵᠡᠬᠦᠯᠬᠡ ᠶᠢᠨ ᠪᠤᠳᠠᠰ ᠨᠢᠭᠡᠪᠦᠷᠢ ᠶᠢ ᠨᠠᠷᠢᠨ ᠨᠢᠮᠪᠠᠢ ᠲᠣᠭᠤᠷᠢᠨ ᠦᠵᠡᠵᠦ᠂ ᠬᠤᠯᠪᠣᠭᠳᠠᠯ ᠪᠦᠬᠦᠢ ᠨᠥᠬᠦᠳ ᠲᠠᠢ ᠪᠠᠶᠢᠨ ᠪᠠᠶᠢᠨ ᠰᠠᠨᠠᠯ ᠢᠶᠠᠨ ᠰᠣᠯᠢᠯᠴᠠᠵᠤ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠬᠢ ᠶᠢᠨ ᠲᠡᠦᠬᠡ ᠶᠢᠨ ᠤᠯᠠᠷᠢᠯ ᠬᠤᠪᠢᠰᠤᠯ ᠪᠣᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠪᠠᠰᠠ ᠵᠡᠪᠰᠡᠭᠲᠦ ᠴᠠᠭᠳᠠᠭ᠎ᠠ ᠶᠢᠨ ᠶᠡᠷᠦᠩᠬᠡᠢ ᠠᠩᠬᠢ ᠶᠢᠨ ᠪᠠᠶᠢᠯᠳᠤᠭᠠᠨ ᠤ ᠦᠢᠯᠡᠴᠢᠯᠡᠭᠡᠨ ᠤ ᠵᠢᠯᠣᠭᠤᠳᠬᠤ ᠲᠥᠪ ᠢᠶᠠᠷ ᠲᠣᠭᠤᠷᠢᠨ ᠦᠵᠡᠵᠦ᠂ ᠵᠢᠯᠣᠭᠤᠳᠬᠤ ᠲᠥᠪ ᠤᠨ ᠭᠤᠣᠯ ᠴᠢᠳᠠᠮᠵᠢ ᠪᠣᠯᠤᠨ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠪᠠ᠃ ᠰᠦᠨ ᠱᠤᠤ ᠴᠧᠩ᠂ ᠬᠤᠪᠢᠰᠬᠠᠯ ᠤᠨ ᠡᠬᠢ ᠪᠠᠶᠠᠯᠢᠭ ᠪᠣᠯ ᠬᠠᠮᠤᠭ ᠤᠨ ᠡᠷᠬᠢᠮ ᠨᠠᠨᠳᠢᠨ ᠤᠶᠤᠨ ᠰᠠᠨᠠᠭᠠᠨ ᠤ ᠥᠪ ᠬᠦᠷᠦᠩᠭᠡ ᠮᠥᠨ᠂ ᠴᠡᠷᠢᠭ ᠠᠩᠬᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠬᠤᠪᠢᠰᠬᠠᠯ ᠤᠨ ᠦᠯᠡᠳᠡᠭᠳᠡᠯ ᠪᠠ ᠲᠡᠦᠬᠡ ᠶᠢᠨ ᠮᠠᠲ᠋ᠧᠷᠢᠶᠠᠯ ᠢ ᠢᠯᠡᠭᠦᠬᠡᠨ ᠴᠤᠭᠯᠠᠭᠤᠯᠵᠤ᠂ ᠢᠯᠡᠭᠦᠬᠡᠨ ᠠᠭᠤᠳᠠᠯᠵᠤ᠂ ᠡᠯ᠎ᠡ ᠲᠦᠷᠦᠯ ᠤᠨ ᠬᠤᠪᠢᠰᠬᠠᠯ ᠤᠨ ᠡᠬᠢ ᠪᠠᠶᠠᠯᠢᠭ ᠢ ᠭᠦᠢᠴᠡᠳ ᠰᠠᠶᠢᠲᠤᠷ ᠠᠰᠢᠭᠯᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠪᠠ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠠᠬᠠᠮᠠᠳ ᠪᠠᠶᠢᠯᠳᠤᠭᠴᠢᠳ ᠢ ᠢᠯᠡᠭᠦᠬᠡᠨ ᠵᠣᠬᠢᠶᠠᠨ ᠪᠠᠶᠢᠭᠤᠯᠤᠨ ᠵᠠᠯᠠᠭᠤᠴᠤᠳ ᠪᠠᠭᠠᠴᠤᠳ ᠲᠤ ᠬᠤᠪᠢᠰᠬᠠᠯ ᠤᠨ ᠦᠯᠢᠭᠡᠷ ᠢ ᠶᠠᠷᠢᠭᠤᠯᠵᠤ᠂ ᠬᠤᠪᠢᠰᠬᠠᠯ ᠤᠨ ᠤᠳᠤᠮᠰᠢᠯ ᠢ ᠨᠡᠩ ᠰᠠᠶᠢᠲᠤᠷ ᠤᠯᠠᠮᠵᠢᠯᠠᠵᠤ᠂ ᠬᠤᠪᠢᠰᠬᠠᠯ ᠤᠨ ᠤᠯᠠᠮᠵᠢᠯᠠᠯ ᠢ ᠦᠷᠭᠦᠯᠵᠢᠯᠡᠨ ᠵᠠᠯᠭᠠᠮᠵᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠰᠦᠨ ᠱᠤᠤ ᠴᠧᠩ᠂ ᠤᠷᠳᠤ ᠬᠤᠭᠤᠴᠠᠭᠠᠨ ᠤ ᠲᠤᠷᠰᠢ᠂ ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠬᠢ ᠶᠢᠨ ᠥᠷᠭᠡᠨ ᠤᠯᠠᠨ ᠳᠠᠷᠤᠭ᠎ᠠ ᠪᠠᠶᠢᠯᠳᠤᠭᠴᠢ ᠠᠶᠤᠯ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠡᠭᠦᠰᠦᠭᠰᠡᠨ ᠬᠡᠷᠡᠭ ᠢ ᠰᠢᠢᠳᠪᠦᠷᠢᠯᠡᠬᠦ ᠵᠡᠷᠭᠡ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠶᠢᠨ ᠡᠮᠦᠨ᠎ᠡ ᠨᠢ ᠭᠠᠪᠰᠢᠭᠠᠶᠢᠯᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠠᠢ ᠬᠡᠪᠡ᠃ ᠲᠡᠷᠡ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠪᠣᠯ ᠮᠠᠨ ᠤ ᠨᠠᠮ ᠮᠠᠨ ᠤ ᠴᠡᠷᠢᠭ ᠤᠨ ᠥᠪᠡᠷᠮᠢᠴᠡ ᠤᠯᠤᠰ ᠲᠦᠷᠦ ᠶᠢᠨ ᠳᠠᠪᠠᠭᠤᠯᠢᠭ ᠮᠥᠨ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠬᠠᠮᠠᠭᠠᠯᠠᠬᠤ ᠪᠣᠯ ᠤᠷᠢᠶ᠎ᠠ ᠯᠤᠽᠦ᠋ᠩ ᠳᠡᠳᠦᠢ ᠪᠢᠰᠢ᠂ ᠪᠣᠳᠠᠲᠠᠢ ᠠᠵᠢᠯ ᠪᠣᠯᠤᠨ ᠶᠠᠪᠤᠳᠠᠯ ᠨᠢᠭᠡᠪᠦᠷᠢ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠴᠡᠷᠢᠭ ᠠᠩᠬᠢ ᠶᠢᠨ ᠬᠢᠨ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠣᠷᠣᠨ ᠨᠤᠲᠤᠭ ᠤᠨ ᠪᠦᠳᠦᠭᠡᠠ ᠪᠠᠶᠢᠭᠤᠯᠤᠯᠲᠠ ᠶᠢ ᠢᠳᠡᠪᠬᠢᠲᠡᠢ ᠲᠡᠮᠵᠢᠵᠦ᠂ ᠤᠯᠡᠠ ᠲᠦᠮᠡᠨ ᠳᠤ ᠢᠯᠡᠭᠦᠬᠡᠨ ᠪᠣᠳᠠᠲᠤ ᠶᠠᠪᠤᠳᠠᠯ ᠬᠢᠵᠦ ᠰᠡᠶᠢᠠ ᠶᠠᠪᠤᠳᠠᠯ ᠬᠢᠬᠦ ᠶᠢ ᠬᠦᠰᠡᠵᠦ ᠪᠠᠶᠢᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠴᠡᠷᠢᠭ ᠠᠩᠭᠢ ᠶᠢᠨ ᠪᠠᠶᠢᠭᠤᠯᠤᠯᠲᠠ ᠶᠢ ᠶᠡᠭᠡ ᠪᠠᠷ ᠲᠡᠮᠵᠢᠵᠦ᠂ ᠬᠠᠷᠢᠭᠤᠴᠠᠯᠭ᠎ᠠ ᠪᠠ ᠬᠠᠶᠢᠷ᠎ᠠ ᠰᠡᠳᠭᠢᠯᠭᠡ ᠲᠠᠢ ᠪᠠᠷ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠴᠡᠷᠢᠭ ᠠᠩᠭᠢ ᠶᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠤᠤ ᠺᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠤᠢ ᠯᠢ ᠰᠢᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠠᠨᠳ᠋ᠯᠠᠭᠴᠢ ᠮᠠ ᠴᠢᠩ ᠯᠸᠢ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠺᠣᠮᠠᠨᠳ᠋ᠯᠠᠭᠴᠢ ᠴᠧᠨ ᠯᠦ ᠱᠧᠩ᠂ ᠺᠣᠮᠢᠰᠰᠠᠷ ᠵᠠᠩ ᠶᠦᠩ ᠮᠢᠨ ᠠᠵᠢᠯᠯᠠᠭ᠎ᠠ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ