5 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ | ᠨᠡᠪᠲᠡᠷᠡᠬᠦ ᠶᠢ ᠪᠠᠲᠤᠯᠠᠬᠤ ᠠᠵᠢᠯ ᠤᠨ ᠲᠤᠰᠬᠠᠢ ᠰᠡᠳᠦᠪᠲᠦ ᠲᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠡᠳ᠋ ᠪᠠᠷᠠᠭᠠᠨ ᠤ ᠭᠦᠢᠯᠭᠡᠭᠡ ᠶᠢᠨ | ᠰᠠᠭᠠᠳ ᠦᠭᠡᠢ ᠨᠡᠪᠳᠡᠷᠡᠬᠦ ᠶᠢ ᠪᠠᠳᠤᠯᠠᠵᠤ ᠠᠵᠤ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢᠨ ᠲᠤᠭᠳᠠᠭᠤᠨ ᠢ ᠠᠬᠢᠭᠤᠯᠬᠤ ᠲᠧᠯᠸᠢᠰ ᠤᠲᠠᠰᠤ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠸᠠᠩ ᠯᠢ ᠰᠢᠶᠠ᠂ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠡᠰᠡᠬᠦ ᠨᠢ ᠠᠵᠤ ᠠᠬᠤᠢ ᠨᠡᠶᠢᠭᠡᠮ ᠤᠨ ᠬᠥᠭᠵᠢᠯᠲᠡ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠠᠮᠤᠷ ᠲᠦᠪᠰᠢᠨ ᠲᠣᠭᠲᠠᠭᠤᠨ ᠤ ᠶᠡᠭᠡ ᠲᠠᠯ᠎ᠠ ᠳᠤ ᠬᠤᠯᠪᠣᠭᠳᠠᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ | ᠬᠢᠨ ᠡᠷᠬᠡᠪᠰᠢ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ | ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠲᠣᠭᠲᠠᠴᠠ ᠪᠠᠨ ᠪᠦᠷᠢᠨᠰᠢᠬᠦᠯᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ | ᠮᠥᠷᠳᠡᠨ ᠱᠠᠯᠠᠪᠳᠠᠭᠤᠯᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠢᠳᠡᠪᠬᠢᠲᠡᠢ ᠪᠠᠷ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ | ᠬᠠᠮᠵᠢᠯᠴᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠵᠤ᠂ ᠡᠳ᠋ | ᠪᠠᠷᠠᠭᠠᠨ ᠤ ᠭᠦᠢᠯᠭᠡᠭᠡ ᠶᠢᠨ ᠭᠤᠣᠯ ᠰᠤᠳᠠᠰᠤ ᠶᠢ ᠦᠨᠡᠨ ᠬᠦ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠸᠠᠩ ᠯᠢ ᠰᠢᠶᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠳᠡᠷᠡᠬᠦ ᠶᠢ ᠪᠠᠲᠤᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | ᠰᠠᠭᠠᠳ ᠦᠭᠡᠢ ᠨᠡᠪᠲᠡᠷᠡᠵᠤ ᠡᠮᠬᠢ ᠵᠢᠷᠤᠮ ᠲᠠᠢ ᠪᠠᠶᠢᠬᠤ ᠳᠡᠭᠡᠷ᠎ᠡ ᠬᠦᠴᠦ ᠲᠠᠯᠪᠢᠵᠤ᠂ ᠬᠡᠲᠦᠷᠬᠡᠢ ᠰᠡᠷᠭᠡᠶᠢᠯᠡᠨ ᠡᠵᠡᠮᠳᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ | ᠡᠷᠡᠰ ᠰᠠᠶᠢᠲᠤᠷ ᠬᠢᠬᠦ ᠬᠡᠷᠡᠭᠲᠡᠢ᠃ ᠦᠶᠯᠡᠴᠢᠯᠡᠭᠡ ᠶᠢ ᠰᠢᠯᠢᠳᠡᠭᠵᠢᠭᠦᠯᠬᠦ ᠳᠡᠭᠡᠷ᠎ᠡ ᠬᠦᠴᠦ ᠲᠠᠯᠪᠢᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ | ᠬᠦᠴᠢᠷᠳᠡᠯ ᠢ ᠨᠢ ᠰᠢᠶᠳᠪᠦᠷᠢᠯᠡᠬᠦ ᠬᠡᠷᠡᠭᠲᠡᠶ᠃ ᠣᠨᠣᠴᠠᠳᠠᠢ ᠬᠠᠮᠢᠶᠠᠷᠤᠨ ᠡᠵᠡᠮᠳᠡᠬᠦ ᠳᠡᠭᠡᠷ᠎ᠡ ᠬᠦᠴᠦ ᠲᠠᠯᠪᠢᠵᠤ᠂ ᠡᠳ᠋ ᠪᠠᠷᠠᠭᠠᠨ ᠤ ᠭᠦᠢᠯᠭᠡᠭᠡ ᠶᠢᠨ ᠡᠷᠭᠢᠯᠳᠡ ᠶᠢᠨ | ᠦᠷ᠎ᠡ ᠪᠦᠲᠦᠮᠵᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠶ᠃ ᠡᠳ᠋ ᠪᠣᠳᠠᠰ ᠤᠨ ᠲᠡᠭᠡᠭᠡᠪᠦᠷᠢ ᠶᠢ ᠪᠠᠲᠤᠯᠠᠬᠤ ᠳᠡᠭᠡᠷ᠎ᠡ ᠬᠦᠴᠦ ᠲᠠᠯᠪᠢᠵᠤ᠂ | ᠭᠤᠣᠯᠳᠠᠯᠭ᠎ᠠ ᠲᠠᠢ ᠡᠳ᠋ ᠪᠣᠳᠠᠰ ᠤᠨ ︽ᠦᠢᠯᠡᠳᠪᠦᠷᠢᠯᠡᠵᠦ ᠳᠡᠶᠢᠯᠬᠦ᠂ ᠲᠡᠭᠡᠭᠡᠪᠦᠷᠢᠯᠡᠵᠦ ᠳᠡᠶᠢᠯᠬᠦ᠂ ᠬᠠᠩᠭᠠᠵᠤ ᠳᠡᠶᠢᠯᠬᠦ︾ ᠶᠢ ᠪᠠᠲᠤᠯᠠᠬᠤ ᠬᠡᠷᠡᠭᠲᠡᠢ᠃ ᠬᠤᠳᠠ | ᠬᠥᠳᠡᠭᠡ ᠶᠢᠨ ᠡᠳ᠋ ᠪᠠᠷᠠᠭᠠᠨ ᠤ ᠭᠦᠢᠯᠭᠡᠭᠡ ᠶᠢᠨ ᠲᠤᠬᠢᠷᠠᠭᠤᠯᠤᠨ ᠬᠦᠷᠭᠡᠬᠦ ᠳᠡᠭᠡᠷ᠎ᠡ ᠬᠦᠴᠦ ᠲᠠᠯᠪᠢᠵᠤ᠂ ᠤᠯᠠᠨ ᠲᠦᠮᠡᠨ ᠤ ᠦᠨᠳᠦᠰᠦᠨ ᠠᠮᠢᠳᠤᠷᠠᠯ ᠤᠨ | ᠬᠡᠷᠡᠭᠴᠡᠭᠡ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠣᠨᠣᠴᠠᠲᠠᠢ ᠰᠡᠷᠭᠡᠶᠢᠯᠡᠨ ᠡᠵᠡᠮᠳᠡᠬᠦ ᠳᠡᠭᠡᠷ᠎ᠡ ᠬᠦᠴᠦ ᠲᠠᠯᠪᠢᠵᠤ᠂ ᠬᠢᠵᠢᠭ ᠤᠨ ᠪᠠᠶᠢᠳᠠᠯ ᠤᠨ | ᠲᠠᠷᠬᠠᠨ ᠳᠡᠯᠭᠡᠷᠡᠬᠦ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠬᠦ ᠬᠡᠷᠡᠭᠲᠡᠢ᠃ ᠮᠡᠳᠡᠭᠡ ᠵᠠᠩᠭᠢ ᠶᠢ ᠢᠯᠡ ᠪᠣᠯᠭᠠᠬᠤ ᠳᠡᠭᠡᠷ᠎ᠡ ᠬᠦᠴᠦ ᠲᠠᠯᠪᠢᠵᠤ᠂ ᠨᠡᠶᠢᠭᠡᠮ ᠤᠨ | ᠵᠢᠱᠢᠯᠲᠡ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ | ᠭᠡᠵᠤ ᠴᠢᠬᠤᠯᠠᠴᠢᠯᠠᠵᠠᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠠᠶ ᠯᠢ ᠬᠤᠸᠠ᠂ ᠾᠧᠩ ᠰᠢᠶᠤᠤ ᠹᠠᠨ᠂ ᠪᠣᠣ ᠰᠢᠶᠠᠨ ᠬᠤᠸᠠ ᠬᠤᠷᠠᠯ ᠳᠤ | ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠡᠯ᠎ᠡ ᠠᠶᠢᠮᠠᠭ ᠬᠤᠲᠠ ᠶᠢᠨ ᠬᠠᠷᠢᠭᠤᠴᠠᠯᠭᠠᠲᠠᠨ ᠨᠥᠬᠦᠳ | ᠬᠤᠷᠠᠯ ᠳᠤ ᠣᠷᠣᠯᠴᠠᠵᠠᠶ᠃ |