| 5 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠪᠣᠯᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠷ ᠲᠤᠭᠤᠷᠢᠨ ᠦᠵᠡᠵᠦ᠂ | ᠪᠠᠶᠢᠭᠤᠯᠭ᠎ᠠ ᠶᠢᠨ ᠺᠠᠳ᠋ᠷᠴᠤᠳ ᠲᠠᠢ ᠰᠠᠨᠠᠯ ᠢᠶᠠᠨ ᠰᠣᠯᠢᠯᠴᠠᠵᠤ᠂ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠭᠦᠨᠵᠡᠭᠡᠶ ᠣᠶᠢᠯᠠᠭᠠᠪᠠ᠃ | | | | | | ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠪᠣᠯᠤᠨ | ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠲᠤ ᠬᠦᠷᠴᠦ᠂ ᠲᠣᠮᠣ ᠳ᠋ᠠᠶᠢᠲ᠋ᠠ ᠶᠢᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠬᠡᠷᠡᠭ ᠰᠢᠭᠦᠨ | ᠰᠢᠢᠳᠪᠤᠷᠢᠯᠡᠬᠦ ᠲᠠᠰᠤᠭ᠂ ᠬᠢᠨᠠᠨ ᠪᠠᠶᠢᠴᠠᠭᠠᠬᠤ ᠲᠠᠰᠤᠭ ᠪᠣᠯᠤᠨ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ ᠲᠠᠰᠤᠭ᠂ ᠲᠠᠩᠰᠠ ᠡᠪᠬᠡᠮᠡᠯ ᠤᠨ ᠲᠠᠰᠤᠭ ᠢᠶᠠᠷ | ᠲᠣᠭᠤᠷᠢᠨ ᠦᠵᠡᠵᠦ᠂ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ᠂ ᠤᠢᠢᠷ᠎ᠠ ᠶᠢᠨ ᠵᠢᠯ ᠠᠴᠠ ᠪᠦᠬᠦ ᠣᠷᠣᠨ ᠤ ᠡᠯ᠎ᠡ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠡᠭᠡ ᠬᠡᠮᠵᠢᠶᠡᠨ ᠤ | ᠬᠠᠲᠠᠭᠤᠵᠢᠯᠲᠠᠢ ᠨᠠᠷᠢᠨ ᠨᠢᠮᠪᠠᠢ ᠠᠵᠢᠯ ᠢ ᠬᠢᠵᠦ᠂ ᠪᠦᠬᠦ ᠣᠷᠣᠨ ᠤ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠡᠯ ᠢ ᠡᠰᠡᠷᠭᠦᠴᠡᠬᠦ ᠠᠵᠢᠯ | ᠢᠯᠡᠳᠲᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠤᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠵᠣᠷᠢᠭ ᠰᠠᠨᠠᠭ᠎ᠠ ᠶᠢ ᠪᠠᠳᠠᠷᠠᠭᠤᠯᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ | ᠴᠤᠬᠴᠠᠵᠢᠭᠤᠯᠤᠨ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠ ᠢᠯᠵᠠᠷᠠᠯ ᠢ ᠡᠰᠡᠷᠭᠦᠴᠡᠬᠦ ᠠᠵᠢᠯ ᠢ ᠯᠠᠪᠳᠠᠭᠤᠨ ᠪᠠᠲᠤᠲᠠᠢ ᠬᠢᠵᠦ ᠭᠦᠨᠵᠡᠭᠡᠢ | ᠠᠳᠬᠤᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃ ᠰᠦᠨ ᠱᠤᠤ ᠴᠧᠩ᠂ ᠶᠡᠭᠡ ᠬᠦᠴᠦ ᠣᠷᠣᠭᠤᠯᠵᠤ ᠢᠯᠵᠠᠷᠡᠯ ᠢ ᠵᠠᠯᠬᠠᠭᠠᠨ ᠰᠢᠢᠳᠭᠡᠬᠦ ᠶᠢᠨ ᠬᠠᠮᠲᠤ ᠪᠠᠰᠠ | ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠲᠠᠯ᠎ᠠ ᠪᠠᠷ ᠤᠯᠠᠨ ᠪᠣᠳᠠᠲᠠᠢ ᠠᠷᠭ᠎ᠠ ᠬᠡᠮᠵᠢᠶ᠎ᠠ ᠠᠪᠴᠤ᠂ | ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠭᠦᠢᠴᠡᠳ ᠳᠠᠶᠢᠴᠢᠯᠠᠬᠤ ᠬᠡᠷᠡᠭᠲᠡᠢ᠃ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭᠵᠢᠭᠦᠯᠬᠦ | ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠵᠦ᠂ | ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠬᠦ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ | | | | | | ᠳᠠᠷᠠᠭ᠎ᠠ ᠨᠢ᠂ ᠰᠦᠨ ᠱᠤᠤ ᠴᠧᠩ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠳᠤ ᠬᠦᠷᠴᠦ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ | ᠵᠠᠷᠭᠤ ᠶᠢᠨ ᠦᠢᠯᠡᠴᠢᠯᠡᠭᠡᠨ ᠤ ᠲᠢᠩᠬᠢᠮ᠂ ᠲᠤᠮᠤ ᠳ᠋ᠠᠶᠢᠲ᠋ᠠ ᠶᠢᠨ ᠲᠥᠪ ᠪᠣᠯᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠤᠮᠤ ᠳ᠋ᠠᠶᠢᠲ᠋ᠠ ᠶᠢᠨ ᠬᠡᠷᠡᠭᠯᠡᠭᠡᠨ ᠤ ᠲᠥᠪ᠂ | ᠪᠠᠶᠢᠴᠠᠭᠠᠬᠤ ᠦᠢᠯᠡᠴᠢᠯᠡᠭᠡᠨ ᠤ ᠲᠥᠪ ᠢᠶᠠᠷ ᠲᠣᠭᠤᠷᠢᠨ ᠦᠵᠡᠵᠦ᠂ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢᠶᠠᠨ ᠥᠷᠨᠢᠭᠦᠯᠵᠤ ᠪᠠᠶᠢᠭ᠎ᠠ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠳᠤᠮᠳᠠᠴᠢ ᠪᠠᠷ ᠡᠳᠦᠷ ᠪᠦᠷᠢ ᠬᠡᠳᠦᠶ ᠬᠡᠷᠡᠭ ᠢ ᠬᠦᠯᠢᠶᠡᠨ ᠠᠪᠴᠤ ᠪᠠᠶᠢᠬᠤ᠂ ᠬᠡᠳᠦᠶ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ | ᠲᠦᠮᠡᠨ ᠢ ᠬᠦᠯᠢᠶᠡᠨ ᠠᠪᠴᠤ ᠪᠠᠶᠢᠬᠤ᠂ ᠬᠡᠷᠡᠭ ᠢ ᠰᠢᠢᠳᠪᠦᠷᠢᠯᠡᠵᠤ ᠳᠠᠭᠤᠰᠬᠠᠭᠰᠠᠨ ᠨᠣᠷᠮ᠎ᠠ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠬᠤᠪᠢᠷᠬᠠᠰᠠᠨ | ᠰᠢᠯᠲᠠᠭᠠᠨ ᠨᠢ ᠶᠠᠭᠤ ᠪᠤᠶ ᠭᠡᠵᠦ ᠮᠠᠰᠢ ᠨᠠᠷᠢᠨ ᠠᠰᠠᠭᠤᠵᠠᠶ᠃ ᠰᠦᠨ ᠱᠤᠤ ᠴᠧᠩ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠢ ᠨᠤᠲᠠᠯᠠᠪᠠ᠃ ᠲᠡᠷᠡ᠂ | ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠬᠠᠤᠯᠢ ᠴᠠᠭᠠᠵᠠ ᠶᠢᠨ ᠨᠡᠷ᠎ᠡ ᠬᠦᠨᠳᠦ ᠶᠢ ᠬᠠᠮᠠᠭᠠᠯᠠᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ | ᠲᠠᠯ᠎ᠠ ᠪᠠᠷ ᠴᠢᠬᠤᠯᠠ ᠶᠡᠭᠡ ᠬᠠᠷᠢᠭᠤᠴᠠᠯᠭ᠎ᠠ ᠡᠭᠦᠷᠭᠡᠯᠡᠵᠦ ᠪᠠᠶᠢᠨ᠎ᠠ᠂ ᠬᠠᠤᠯᠢ ᠪᠠᠷᠢᠬᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠬᠠᠤᠯᠢ ᠪᠠᠷᠢᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠲᠠᠰᠤᠷᠠᠯᠳᠠ | ᠦᠭᠡᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠤᠯᠢ ᠶᠣᠰᠣᠭᠠᠷ | ᠪᠡᠶ᠎ᠡ ᠪᠠᠨ ᠳᠠᠭᠠᠭᠠᠵᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠷᠭᠦᠯᠵᠢᠯᠡᠨ ᠲᠡᠮᠵᠢᠨ᠎ᠠ ᠭᠡᠵᠤ ᠵᠢᠭᠠᠵᠤ ᠭᠠᠷᠭᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠱᠤᠸᠠᠩ᠂ ᠢᠤᠢ ᠯᠢ ᠰᠢᠨ ᠪᠣᠯᠤᠨ ᠰᠢᠭᠦᠬᠦ ᠬᠤᠷᠢᠶᠠᠨ ᠤ ᠳᠠᠷᠤᠭ᠎ᠠ ᠪᠠᠶᠢᠴᠠᠭᠠᠬᠤ ᠬᠤᠷᠢᠶᠠᠨ ᠤ | ᠪᠠᠶᠢᠴᠠᠭᠠᠬᠤ ᠳᠠᠷᠤᠭ᠎ᠠ ᠠᠵᠢᠯᠯᠠᠭ᠎ᠠ ᠳᠤ ᠣᠷᠣᠯᠴᠠᠵᠠᠢ᠃ |